ᠬᠥᠳᠡᠭᠡ ᠲᠣᠰᠬᠤᠨ ᠤ ᠭᠠᠵᠠᠷ ᠰᠢᠷᠣᠢ ᠶᠢᠨ ᠵᠢᠭᠤᠷᠠᠯᠳᠤᠭᠠᠨ ᠢ ᠰᠢᠢᠳᠪᠦᠷᠢᠯᠡᠬᠦ ᠨᠢ ᠥᠷᠭᠡᠨ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ | ᠬᠤᠯᠪᠣᠭᠳᠠᠵᠤ᠂ ᠲᠦᠷᠦ ᠶᠢᠨ ᠪᠣᠳᠣᠯᠭ᠎ᠠ ᠶᠢᠨ ᠴᠢᠨᠠᠷ ᠢᠶᠠᠷ ᠴᠢᠩᠭ᠎ᠠ᠂ ᠬᠤᠯᠪᠣᠭᠳᠠᠬᠤ ᠬᠡᠪᠴᠢᠶ᠎ᠡ ᠨᠢ ᠥᠷᠭᠡᠨ᠂ ᠪᠠᠶᠢᠳᠠᠯ ᠨᠢ ᠪᠤᠳᠤᠯᠢᠶᠠᠨᠲᠠᠢ ᠪᠠᠶᠢᠵᠤ᠂ ᠬᠥᠳᠡᠭᠡ | ᠲᠣᠰᠬᠤᠨ ᠤ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠳᠠᠯ ᠤᠨ ᠶᠡᠭᠡ ᠲᠠᠯ᠎ᠠ ᠳᠤ ᠬᠤᠯᠪᠣᠭᠳᠠᠵᠤ ᠪᠠᠶᠢᠳᠠᠭ᠃ ᠸᠧ ᠨᠢᠦ ᠾᠧ ᠪᠠᠯᠭᠠᠰᠤ ᠶᠢᠨ ᠬᠢᠨ ᠭᠠᠵᠠᠷ | ᠰᠢᠷᠣᠢ ᠶᠢᠨ ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠲᠣᠣᠱᠯᠠᠭᠤᠯᠣᠨ ᠨᠠᠶᠢᠳᠠᠪᠤᠷᠢᠵᠢᠭᠤᠯᠵᠤ᠂ ᠭᠠᠵᠠᠷ ᠰᠢᠷᠣᠢ ᠶᠢᠨ | ᠵᠢᠭᠤᠷᠠᠯᠳᠤᠭᠠᠨ ᠢ ᠡᠶᠡᠳᠡᠭᠦᠯᠬᠦ ᠠᠵᠢᠯ ᠢ ᠨᠠᠷᠢᠨ ᠪᠣᠳᠠᠲᠠᠢ ᠠᠳᠬᠤᠵᠤ᠂ ᠵᠥᠷᠢᠴᠡᠯ ᠢ ᠦᠨᠳᠦᠰᠦᠨ ᠱᠠᠲᠤᠨ ᠳᠤ ᠰᠢᠢᠳᠪᠦᠷᠢᠯᠡᠨ᠂ ᠬᠥᠳᠡᠭᠡ ᠲᠣᠰᠬᠤᠨ ᠤ | ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠪᠦᠲᠦᠮᠵᠢᠲᠡᠶ ᠬᠠᠮᠠᠭᠠᠯᠠᠵᠤ᠂ ᠥᠷᠭᠡᠨ ᠣᠯᠠᠨ ᠲᠠᠷᠢᠶᠠᠴᠢᠨ ᠡᠷᠦᠬᠡ ᠶᠢᠨ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠪᠠ᠃ | ᠣᠶᠢᠷ᠎ᠠ ᠳᠤ᠂ ᠪᠠᠯᠭᠠᠰᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠦᠢᠯᠡᠴᠢᠯᠡᠭᠡᠨ ᠤ ᠲᠥᠪ ᠤᠨ ᠠᠵᠢᠯᠲᠠᠳ ᠭᠠᠴᠠᠭᠠᠨ ᠤ | ᠺᠠᠳ᠋ᠷᠴᠤᠳ ᠲᠠᠢ ︽ᠲᠠᠷᠢᠶᠠᠨ ᠭᠠᠵᠠᠷ ᠲᠤ ᠡᠶᠡᠳᠡᠭᠦᠯᠬᠦ︾ ᠳᠤᠭᠤᠶᠢᠯᠠᠩ ᠪᠠᠶᠢᠭᠤᠯᠵᠤ᠂ ᠠᠵᠢᠯᠯᠠᠬᠤ ᠳᠤᠭᠤᠶᠢᠯᠠᠩ ᠳᠤ ᠭᠦᠨᠵᠡᠭᠡᠶᠢᠷᠡᠨ ᠲᠠᠷᠢᠶᠠᠨ ᠭᠠᠵᠠᠷ ᠲᠤ | ᠭᠦᠨᠵᠡᠭᠡᠶᠢᠷᠡᠵᠦ᠂ ᠮᠠᠷᠭᠤᠯᠳᠤᠭᠠᠨ ᠲᠠᠢ ᠭᠠᠵᠠᠷ ᠰᠢᠷᠣᠢ ᠶᠢ ᠬᠡᠮᠵᠢᠨ ᠪᠠᠶᠢᠴᠠᠭᠠᠵᠤ᠂ ᠵᠢᠭᠤᠷᠠᠯᠳᠤᠭᠠᠨ ᠤ ᠨᠠᠷᠢᠨ ᠪᠠᠶᠢᠳᠠᠯ ᠢ ᠣᠶᠢᠯᠠᠭᠠᠵᠤ᠂ ᠭᠠᠵᠠᠷ ᠰᠢᠷᠣᠢ ᠶᠢᠨ | ᠵᠢᠭᠤᠷᠠᠯᠳᠤᠭᠠᠨ ᠤ ᠲᠡᠦᠬᠡᠨ ᠰᠢᠯᠲᠠᠭᠠᠨ᠂ ᠣᠳᠣᠬᠢ ᠪᠠᠶᠢᠳᠠᠯ ᠵᠢᠴᠢ ᠬᠤᠶᠠᠷ ᠲᠠᠯ᠎ᠠ ᠶᠢᠨ ᠬᠦᠰᠡᠯ ᠱᠠᠭᠠᠷᠳᠠᠯᠭ᠎ᠠ ᠶᠢ ᠨᠠᠷᠢᠨ ᠨᠢᠭᠲᠠ ᠲᠡᠮᠳᠡᠭᠯᠡᠨ ᠵᠠᠳᠠᠯᠵᠤ᠂ | ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠪᠠ ᠭᠠᠴᠠᠭᠠᠨ ᠤ ᠲᠡᠦᠬᠡ ᠶᠢᠨ ᠪᠠᠶᠢᠳᠠᠯ ᠲᠠᠢ ᠤᠶᠠᠯᠳᠤᠭᠤᠯᠤᠨ᠂ ᠬᠤᠶᠠᠷ ᠲᠠᠯ᠎ᠠ ᠶᠢ ᠵᠣᠬᠢᠶᠠᠨ ᠪᠠᠶᠢᠭᠤᠯᠤᠨ | ᠭᠦᠢᠴᠡᠳ ᠶᠠᠷᠢᠯᠴᠠᠭᠤᠯᠬᠤ ᠶᠢᠨ ᠬᠠᠮᠲᠤ ᠰᠠᠨᠠᠯ ᠢ ᠨᠢ ᠶᠠᠷᠢᠭᠤᠯᠵᠤ᠂ ᠵᠦᠢ ᠵᠣᠬᠢᠰᠲᠠᠢ ᠡᠶᠡᠳᠡᠭᠦᠯᠬᠦ ᠰᠠᠨᠠᠭᠤᠯᠭ᠎ᠠ ᠳᠤᠷᠠᠳᠤᠨ᠎ᠠ᠃ | ᠬᠠᠪᠤᠷ ᠤᠨ ᠲᠠᠷᠢᠶᠠᠯᠠᠭ᠎ᠠ ᠶᠢᠨ ᠦᠶ᠎ᠡ ᠳᠤ᠂ ᠣᠲᠣ ᠪᠣᠯᠲᠠᠯ᠎ᠠ ᠨᠢᠭᠡᠨᠲᠡ ᠣᠯᠠᠨ ᠤᠳᠠᠭᠠᠨ ᠤ ᠭᠠᠵᠠᠷ ᠰᠢᠷᠣᠢ ᠶᠢᠨ ᠵᠢᠭᠤᠷᠠᠯᠳᠤᠭᠠᠨ ᠢ ᠠᠮᠵᠢᠯᠲᠠᠲᠠᠢ | ᠡᠶᠡᠳᠡᠭᠦᠯᠵᠡᠢ᠂ ᠡᠶᠡᠳᠡᠭᠦᠯᠬᠦ ᠪᠠᠷ ᠳᠡᠮᠵᠢᠨ᠂ ᠲᠣᠰᠬᠤᠨ ᠤ ᠠᠷᠠᠳ ᠤᠨ ᠪᠣᠳᠠᠲᠠᠢ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ᠂ ᠬᠥᠷᠰᠢ | ᠵᠡᠷᠭᠡᠯᠡᠳᠡᠭᠡ ᠶᠢᠨ ᠬᠠᠷᠢᠴᠠᠭ᠎ᠠ ᠶᠢᠨ ᠡᠶ᠎ᠡ ᠵᠣᠬᠢᠴᠠᠯ ᠢ ᠠᠬᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠰᠠᠶᠢᠨ ᠰᠠᠶᠢᠬᠠᠨ ᠣᠷᠴᠢᠨ ᠨᠥᠬᠦᠴᠡᠯ ᠢ | ᠪᠣᠶ ᠪᠣᠯᠭᠠᠵᠤ ᠥᠭᠭᠦᠭᠰᠡᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠸᠧ ᠨᠢᠦ ᠾᠧ ᠪᠠᠯᠭᠠᠰᠤ ᠶᠢᠨ ᠬᠢᠨ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠡᠶᠡᠳᠡᠭᠦᠯᠬᠦ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠵᠥᠷᠢᠴᠡᠯ ᠢ ᠦᠨᠳᠦᠰᠦᠨ | ᠱᠠᠲᠤᠨ ᠳᠤ ᠰᠢᠢᠳᠪᠦᠷᠢᠯᠡᠵᠦ᠂ ᠰᠣᠶᠣᠭᠠᠯᠠᠯ ᠤᠨ ᠪᠠᠶᠢᠳᠠᠯ ᠳᠤᠨᠢ ᠰᠢᠢᠳᠪᠦᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤᠯᠠᠭ᠎ᠠ | ᠬᠠᠩᠭᠠᠵᠤ᠂ ᠥᠷᠭᠡᠨ ᠤᠯᠠᠨ ᠲᠠᠷᠢᠶᠠᠴᠢᠨ ᠲᠦᠮᠡᠨ ᠢ ᠡᠶ᠎ᠡ ᠵᠣᠬᠢᠴᠠᠩᠭᠤᠢ ᠲᠣᠭᠲᠠᠭᠤᠨ ᠣᠷᠴᠢᠨ ᠲᠣᠭᠤᠷᠢᠨ ᠳᠤ ᠦᠢᠯᠡᠳᠪᠦᠷᠢᠯᠡᠯ ᠢᠶᠠᠨ ᠬᠥᠭᠵᠢᠭᠦᠯᠵᠦ᠂ | ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠪᠠᠷ ᠪᠠᠶᠢᠨ᠎ᠠ᠃ | | |