ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠶ ᠰᠢᠭᠤᠢ ᠡᠪᠡᠰᠦ ᠪᠡᠯᠴᠢᠭᠡᠷ ᠢ ᠦᠭᠡᠶᠢᠬᠢᠵᠦ ᠴᠢᠭᠢᠭ ᠢ ᠦᠭᠡᠶᠢᠬᠢᠭᠰᠡᠨ ᠠᠵᠢᠯᠯᠠᠭ᠎ᠠ ᠳᠤ | ᠴᠣᠬᠢᠯᠲᠠ ᠥᠭᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠦᠦᠱᠯᠠᠭᠤᠯᠤᠨ ᠨᠠᠶᠢᠳᠠᠪᠤᠷᠢᠵᠢᠭᠤᠯᠵᠤ᠂ ᠣᠶ ᠰᠢᠭᠤᠢ ᠡᠪᠡᠰᠦ ᠪᠡᠯᠴᠢᠭᠡᠷ ᠢ | ᠦᠭᠡᠶᠢᠬᠢᠭᠰᠡᠨ᠂ ᠴᠢᠭᠢᠭ ᠢ ᠦᠭᠡᠶᠢᠬᠢᠭᠰᠡᠨ ᠠᠵᠢᠯᠯᠠᠭ᠎ᠠ ᠳᠤ ᠴᠣᠬᠢᠯᠲᠠ ᠥᠭᠬᠦ ᠬᠤᠯᠪᠣᠭᠳᠠᠯ ᠪᠦᠬᠦᠢ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ | ᠣᠶᠢᠷ᠎ᠠ ᠳᠤ ᠸᠧ ᠨᠢᠦ ᠾᠧ ᠪᠠᠯᠭᠠᠰᠤ ᠶᠢᠨ ᠬᠢᠨ ᠬᠠᠷᠢᠶᠠᠲᠤ ᠣᠷᠣᠨ ᠤ ᠪᠠᠨ ᠣᠶ ᠰᠢᠭᠤᠢ ᠡᠪᠡᠰᠦ ᠪᠡᠯᠴᠢᠭᠡᠷ ᠢ ᠦᠭᠡᠶᠢᠬᠢᠵᠦ ᠴᠢᠭᠢᠭ ᠢ ᠦᠭᠡᠶᠢᠬᠢᠭᠰᠡᠨ | ᠠᠵᠢᠯᠯᠠᠭ᠎ᠠ ᠳᠤ ᠴᠢᠭᠯᠡᠭᠦᠯᠦᠨ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠥᠷᠨᠢᠭᠦᠯᠪᠡ᠃ | ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠡᠭᠦᠷᠭᠡ ᠬᠠᠷᠢᠭᠤᠴᠠᠯᠭ᠎ᠠ ᠪᠠᠨ ᠡᠷᠡᠰ ᠭᠦᠢᠴᠡᠳᠬᠡᠵᠦ᠂ ᠲᠣᠭᠤᠷᠢᠨ | ᠪᠠᠶᠢᠴᠠᠭᠠᠵᠤ ᠲᠣᠭᠤᠷᠢᠨ ᠬᠠᠮᠠᠭᠠᠯᠠᠬᠤ ᠶᠢ ᠪᠠᠷᠢᠮᠲᠠᠯᠠᠨ᠂ ︽ ᠡᠳᠦᠷ + ᠰᠦᠨᠢ︾᠂ ︽5 + 2︾ ᠮᠠᠶ᠋ᠢᠭ ᠤᠨ ᠪᠠᠶᠢᠩᠭᠤ ᠶᠢᠨ ᠴᠢᠨᠠᠷᠲᠠᠢ ᠲᠣᠭᠤᠷᠢᠨ | ᠪᠠᠶᠢᠴᠠᠭᠠᠵᠤ ᠵᠢᠵᠢᠭᠦᠷᠯᠡᠨ ᠰᠠᠬᠢᠵᠤ᠂ ᠭᠤᠣᠯᠳᠠᠯᠭ᠎ᠠ ᠲᠠᠢ ᠠᠶᠢᠯ ᠲᠣᠰᠬᠤᠨ᠂ ᠭᠤᠣᠯᠳᠠᠯᠭ᠎ᠠ ᠲᠠᠢ ᠭᠠᠵᠠᠷ ᠢ ᠲᠣᠭᠤᠷᠢᠨ ᠪᠠᠶᠢᠴᠠᠭᠠᠵᠤ ᠲᠣᠭᠤᠷᠢᠨ ᠬᠠᠮᠠᠭᠠᠯᠠᠵᠤ᠂ | ᠢᠯᠠᠩᠭᠤᠶ᠎ᠠ ᠰᠥᠨᠢ ᠶᠢᠨ ᠬᠠᠤᠯᠢ ᠵᠥᠷᠢᠴᠡᠭᠰᠡᠨ ᠦᠶᠯᠡ ᠠᠵᠢᠯᠯᠠᠭ᠎ᠠ ᠣᠯᠠᠨ ᠭᠠᠷᠳᠠᠭ ᠴᠠᠭ ᠲᠤ᠂ ᠬᠠᠤᠯᠢ ᠬᠡᠷᠡᠭᠵᠢᠭᠦᠯᠬᠦ ᠠᠵᠢᠯᠲᠠᠨ ᠪᠣᠯᠣᠨ ᠪᠠᠯᠭᠠᠰᠤᠨ ᠤ ᠭᠠᠯ | ᠰᠡᠷᠭᠡᠶᠢᠯᠡᠬᠦ ᠵᠢᠵᠢᠭᠦᠷᠯᠡᠭᠴᠢ ᠶᠢ ᠲᠠᠰᠤᠷᠠᠯᠲᠠ ᠦᠭᠡᠢ ᠲᠣᠭᠤᠷᠢᠨ ᠪᠠᠶᠢᠴᠠᠭᠠᠵᠤ᠂ ᠬᠠᠤᠯᠢ ᠵᠥᠷᠢᠴᠡᠭᠰᠡᠨ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠬᠤᠷᠢᠭᠯᠠᠨ | ᠵᠣᠭᠰᠣᠭᠠᠨ᠎ᠠ᠃ ᠬᠤᠳᠠ ᠶᠢᠨ ᠤᠢ ᠮᠣᠳᠣ ᠡᠪᠡᠰᠦ ᠪᠡᠯᠴᠢᠭᠡᠷ ᠢ ᠰᠦᠢᠳᠬᠡᠵᠦ ᠴᠢᠭᠢᠭ ᠢ ᠰᠦᠢᠳᠬᠡᠬᠦ ᠳᠤ ᠴᠣᠬᠢᠯᠲᠠ ᠥᠭᠬᠦ ᠲᠤᠰᠬᠠᠢ ᠠᠵᠢᠯ ᠤᠨ | ᠳᠤᠭᠤᠶᠢᠯᠠᠩ ᠲᠠᠢ ᠪᠦᠬᠦ ᠬᠦᠴᠦᠨ ᠢᠶᠠᠷ ᠢᠶᠠᠨ ᠬᠠᠮᠵᠢᠯᠴᠠᠨ ᠡᠯ᠎ᠡ ᠲᠣᠰᠬᠤᠨ ᠤ ᠤᠢ ᠮᠣᠳᠣ ᠡᠪᠡᠰᠦ ᠪᠡᠯᠴᠢᠭᠡᠷ ᠢ ᠰᠦᠢᠳᠬᠡᠵᠦ ᠨᠤᠭᠤ ᠭᠠᠵᠠᠷ ᠢ ᠰᠦᠢᠳᠬᠡᠭᠰᠡᠨ | ᠬᠡᠰᠡᠭ ᠲᠤ ᠲᠤᠬᠠᠢ ᠶᠢᠨ ᠭᠠᠵᠠᠷ ᠤᠨ ᠪᠠᠶᠢᠴᠠᠭᠠᠯᠲᠠ ᠪᠠ ᠬᠡᠮᠵᠢᠯᠲᠡ ᠬᠢᠵᠦ᠂ ᠬᠠᠤᠯᠢ ᠬᠡᠷᠡᠭᠵᠢᠭᠦᠯᠬᠦ ᠮᠠᠰᠢᠨ ᠲᠡᠷᠭᠡ ᠶᠢ ᠨᠡᠶᠢᠳᠡ 20 ᠭᠠᠷᠤᠢ ᠤᠳᠠᠭ᠎ᠠ ᠬᠥᠳᠡᠯᠭᠡᠵᠦ᠂ | ᠬᠠᠤᠯᠢ ᠠᠴᠠ ᠵᠥᠷᠢᠴᠡᠭᠰᠡᠨ ᠰᠦᠪᠡᠭᠴᠢ ᠶᠢᠨ ᠵᠢᠷᠤᠭ ᠢ 69 ᠬᠠᠷᠭᠤᠭᠤᠯᠤᠨ ᠪᠠᠶᠢᠴᠠᠭᠠᠪᠠ᠃ | ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠡᠯ᠎ᠡ ᠲᠣᠰᠬᠤᠨ ᠤ ︽ᠬᠤᠶᠠᠷ ᠵᠥᠪᠯᠡᠯ︾᠂ ᠲᠣᠰᠬᠤᠨ ᠢ ᠳᠠᠭᠠᠭᠠᠴᠢᠯᠠᠭᠰᠠᠨ ᠺᠠᠳ᠋ᠷ ᠲᠠᠢ ᠨᠢᠭᠲᠠ | ᠬᠠᠮᠵᠢᠯᠴᠠᠵᠤ᠂ ᠣᠶ ᠰᠢᠭᠤᠢ ᠡᠪᠡᠰᠦ ᠪᠡᠯᠴᠢᠭᠡᠷ ᠢ ᠦᠭᠡᠶᠢᠬᠢᠭᠰᠡᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠴᠢᠩᠭᠠᠳᠬᠠᠵᠤ᠂ | ᠲᠠᠷᠢᠶᠠᠨ ᠭᠠᠵᠠᠷ ᠢ ᠬᠠᠮᠠᠭᠠᠯᠠᠬᠤ ᠬᠠᠮᠢᠶ᠎ᠠ ᠪᠦᠬᠦᠢ ᠲᠣᠭᠲᠠᠭᠠᠯ ᠵᠢᠴᠢ ᠴᠠᠭᠠᠵᠠᠯᠠᠬᠤ ᠵᠠᠷᠯᠢᠭ᠂ ᠣᠶ ᠰᠢᠭᠤᠢ ᠡᠪᠡᠰᠦ ᠪᠡᠯᠴᠢᠭᠡᠷ ᠢ ᠦᠭᠡᠶᠢᠬᠢᠭᠰᠡᠨ ᠬᠠᠤᠯᠢ | ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠶᠢ ᠰᠢᠳᠬᠡᠬᠦ ᠲᠥᠷᠥ ᠶᠢᠨ ᠪᠣᠳᠣᠯᠭ᠎ᠠ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 500 ᠭᠠᠷᠤᠢ ᠬᠤᠪᠢ ᠲᠠᠷᠬᠠᠭᠠᠵᠤ᠂ | ᠥᠷᠭᠡᠨ ᠣᠯᠠᠨ ᠲᠦᠮᠡᠨ ᠳᠤ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠵᠠᠰᠠᠬᠤ᠂ ᠬᠠᠮᠲᠤ ᠪᠠᠷ ᠪᠠᠶᠢᠭᠤᠯᠬᠤ᠂ | ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠠᠮᠢ ᠠᠬᠤᠢ ᠶᠢᠨ ᠪᠠᠶᠢᠷᠢᠰᠢᠯ ᠢ ᠬᠠᠮᠲᠤ ᠪᠠᠷ ᠪᠣᠶ ᠪᠣᠯᠭᠠᠬᠤ ᠶᠢ ᠰᠠᠨᠠᠭᠤᠯᠪᠠ᠃ | ᠲᠠᠷᠠᠭᠠᠴᠢ ᠶᠢᠨ ᠠᠯᠬᠤᠮ ᠳᠤ᠂ ᠸᠧ ᠨᠢᠦ ᠾᠧ ᠪᠠᠯᠭᠠᠰᠤ ᠥᠨᠳᠥᠷ ᠳᠠᠷᠤᠯᠲᠠ ᠶᠢᠨ ᠪᠠᠶᠢᠳᠠᠯ ᠢᠶᠠᠨ ᠦᠷᠭᠦᠯᠵᠢᠯᠡᠨ ᠪᠠᠲᠤᠯᠠᠵᠤ᠂ ᠴᠡᠭᠴᠡᠯᠡᠨ ᠵᠠᠰᠠᠭᠰᠠᠨ ᠦᠷ᠎ᠡ | ᠪᠦᠲᠦᠭᠡᠯ ᠢᠶᠠᠨ ᠪᠠᠲᠤᠳᠬᠠᠨ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠦᠷᠭᠦᠯᠵᠢᠯᠡᠬᠦᠶᠢᠴᠡ ᠬᠥᠭᠵᠢᠯᠲᠡ ᠶᠢ ᠪᠡᠶᠡᠯᠡᠭᠦᠯᠬᠦ ᠳᠤ | ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃ | | | |