ᠵᠥᠩ ᠾᠧ ᠪᠠᠯᠭᠠᠰᠤᠨ ᠤ ᠬᠢᠨ ᠣᠶ ᠰᠢᠭᠤᠢ ᠡᠪᠡᠰᠦ ᠪᠡᠯᠴᠢᠭᠡᠷ ᠢ ᠡᠪᠳᠡᠵᠦ ᠴᠢᠭᠢᠭ ᠢ ᠡᠪᠳᠡᠬᠦ  ᠶᠢ ᠴᠢᠩᠭ᠎ᠠ ᠴᠠᠭᠠᠵᠠᠯᠠᠬᠤ ᠤᠬᠠᠭᠤᠯᠭ᠎ᠠ ᠶᠢᠨ ᠠᠵᠢᠯ ᠪᠠ ᠬᠠᠮᠢᠶᠠᠷᠤᠨ ᠬᠠᠮᠠᠭᠠᠯᠠᠬᠤ ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠪᠡ
ᠨᠡᠶᠢᠲᠡᠯᠡᠭᠰᠡᠨ ᠴᠠᠭ᠄
2025/5/16
    ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠣᠶᠢᠯᠠᠭᠠᠭᠳᠠᠬᠤᠨ ᠢ ᠭᠦᠨᠵᠡᠭᠡᠢ  ᠲᠣᠣᠱᠯᠠᠭᠤᠯᠣᠨ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠦᠨᠡᠨ ᠬᠦ ᠴᠢᠩᠭᠠᠳᠬᠠᠬᠤ ᠶᠢᠨ ᠲᠥᠯᠥᠭᠡ᠂ ᠬᠠᠪᠤᠷ ᠤᠨ ᠲᠠᠷᠢᠶᠠᠯᠠᠭ᠎ᠠ ᠶᠢᠨ ᠤᠯᠠᠷᠢᠯ ᠳᠤ ᠠᠮᠠᠷᠬᠠᠨ ᠭᠠᠷᠳᠠᠭ ᠬᠠᠤᠯᠢ ᠶᠢ ᠵᠥᠷᠢᠴᠡᠨ ᠠᠲᠠᠷ ᠬᠠᠭᠠᠯᠪᠤᠷᠢᠯᠠᠬᠤ ᠠᠰᠠᠭᠤᠳᠠᠯ ᠳᠤ ᠴᠢᠭᠯᠡᠭᠦᠯᠦᠨ᠂ ᠵᠥᠩ ᠾᠧ  ᠪᠠᠯᠭᠠᠰᠤᠨ ᠤ ᠬᠢᠨ ᠣᠶ ᠰᠢᠭᠤᠢ ᠡᠪᠡᠰᠦ ᠪᠡᠯᠴᠢᠭᠡᠷ ᠢ ᠡᠪᠳᠡᠬᠦ ᠴᠢᠭᠢᠭ ᠢ  ᠡᠪᠳᠡᠬᠦ ᠶᠢ ᠲᠤᠰᠬᠠᠶᠢᠯᠠᠨ ᠴᠡᠭᠴᠡᠯᠡᠨ ᠵᠠᠰᠠᠬᠤ ᠤᠬᠠᠭᠤᠯᠭ᠎ᠠ ᠪᠠ ᠬᠠᠮᠢᠶᠠᠷᠤᠨ ᠬᠠᠮᠠᠭᠠᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠥᠷᠭᠡᠨ ᠣᠯᠠᠨ ᠲᠠᠷᠢᠶᠠᠴᠢᠨ ᠲᠦᠮᠡᠨ ᠤ ᠠᠮᠢ ᠠᠬᠤᠢ ᠶᠢᠨ ᠬᠠᠮᠠᠭᠠᠯᠠᠯᠲᠠ ᠶᠢᠨ ᠤᠬᠠᠮᠰᠠᠷ ᠢ ᠴᠢᠩᠭᠠᠷᠠᠭᠤᠯᠤᠨ᠂ ᠠᠮᠢ ᠠᠬᠤᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠲᠣᠣᠷ ᠢ ᠨᠢᠭᠲᠠ ᠰᠦᠯᠵᠢᠵᠡᠢ᠃    ᠨᠢᠭᠡ ᠲᠠᠯ᠎ᠠ ᠪᠠᠷ᠂ ᠰᠢᠨ᠎ᠡ ᠵᠠᠭᠤᠴᠢᠯᠠᠭᠤᠷ ᠤᠨ ᠲᠠᠪᠴᠠᠩ ᠳᠤ ᠲᠦᠰᠢᠭᠯᠡᠨ ᠣᠬᠠᠭᠤᠯᠭ᠎ᠠ ᠶᠢᠨ ᠬᠡᠪᠴᠢᠶ᠎ᠡ ᠶᠢ ᠥᠷᠭᠡᠳᠬᠡᠵᠦ᠂ ᠸᠢᠴᠠᠲ ᠤᠨ ᠪᠦᠯᠦᠭ ᠢᠶᠠᠷ ᠳᠠᠮᠵᠢᠭᠤᠯᠤᠨ ᠬᠠᠤᠯᠢ ᠴᠠᠭᠠᠵᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠴᠢ ᠬᠠᠤᠯᠢ ᠶᠢ ᠵᠥᠷᠢᠴᠡᠭᠰᠡᠨ ᠰᠡᠷᠡᠮᠵᠢ ᠶᠢᠨ ᠬᠡᠷᠡᠭ ᠤᠨ ᠵᠢᠱᠢᠶ᠎ᠡ ᠶᠢ ᠳᠠᠮᠵᠢᠭᠤᠯᠤᠨ ᠬᠦᠷᠭᠡᠵᠦ᠂ ︽ᠵᠠᠯᠠᠨ ᠠᠶᠢᠯ ᠬᠤᠲᠠ ᠶᠢᠨ ᠵᠥᠩ ᠾᠧ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︾ ᠭᠡᠬᠦ  ᠸᠢᠳᠢᠣ᠋ ᠶᠢᠨ ᠨᠣᠮᠧᠷ ᠢᠶᠠᠷ ᠳᠠᠮᠵᠢᠭᠤᠯᠤᠨ ᠨᠤᠲᠤᠭ ᠤᠨ ᠠᠬ᠎ᠠ ᠳᠡᠭᠦᠦ ᠨᠠᠷ ᠲᠤ  ᠤᠬᠠᠭᠤᠯᠭ᠎ᠠ ᠶᠢᠨ ᠸᠢᠳᠢᠣ᠋ ᠶᠢ ᠨᠡᠶᠢᠲᠡᠯᠡᠵᠦ᠂ ︽ᠬᠤᠷᠤᠭᠤᠨ ᠦᠵᠦᠭᠦᠷ ᠲᠠᠬᠢ ᠬᠠᠤᠯᠢ ᠲᠦᠭᠡᠮᠡᠯᠵᠢᠭᠦᠯᠬᠦ ᠬᠢᠴᠢᠶᠡᠯ ᠤᠨ ᠲᠠᠩᠬᠢᠮ︾ ᠢ ᠪᠣᠶ ᠪᠣᠯᠭᠠᠪᠠ᠃ ᠡᠭᠦᠨ ᠤ ᠬᠠᠮᠲᠤ᠂ ᠲᠣᠰᠬᠤᠨ ᠤ ᠳᠡᠰ ᠤᠨ ᠷᠠᠳᠢᠣ᠋ ᠨᠡᠪᠲᠡᠷᠡᠭᠦᠯᠭᠡ ᠳᠤ ᠲᠦᠰᠢᠭᠯᠡᠨ ᠤᠢ ᠮᠣᠳᠣ ᠡᠪᠡᠰᠦ ᠪᠡᠯᠴᠢᠭᠡᠷ ᠢ  ᠡᠪᠳᠡᠵᠦ ᠴᠢᠭᠢᠭ ᠢ  ᠡᠪᠳᠡᠬᠦ ᠬᠠᠤᠯᠢ ᠴᠠᠭᠠᠵᠠ ᠬᠠᠤᠯᠢ ᠲᠣᠭᠲᠠᠭᠠᠯ ᠤᠨ ᠳᠠᠭᠤᠨ ᠳᠠᠪᠲᠠᠮᠵᠢ ᠶᠢ ᠲᠣᠭᠲᠠᠭᠰᠠᠨ ᠴᠠᠭ ᠲᠤ ᠨᠡᠪᠲᠡᠷᠡᠭᠦᠯᠬᠦ ᠶᠢᠨ ᠬᠠᠮᠲᠤ ᠨᠡᠭᠦᠳᠡᠯ ᠤᠬᠠᠭᠤᠯᠭ᠎ᠠ ᠶᠢᠨ ᠲᠡᠷᠭᠡ ᠶᠢ ᠤᠷᠠᠨ ᠢᠶᠠᠷ ᠬᠡᠷᠡᠭᠯᠡᠨ ᠵᠡᠭᠡᠯᠢ ᠭᠤᠳᠤᠮᠵᠢ᠂ ᠲᠠᠷᠢᠶᠠᠨ ᠭᠠᠵᠠᠷ ᠲᠤ ᠭᠦᠨᠵᠡᠭᠡᠶᠢᠷᠡᠨ ᠲᠣᠭᠤᠷᠢᠨ ᠤᠬᠠᠭᠤᠯᠵᠤ᠂ ᠨᠡᠭᠦᠳᠡᠯ ᠮᠠᠶ᠋ᠢᠭ ᠤᠨ ︽ᠤᠬᠠᠭᠤᠯᠭ᠎ᠠ ᠶᠢᠨ ᠵᠢᠭᠰᠠᠭᠠᠯ ᠤᠨ ᠭᠠᠵᠠᠷ︾ ᠢ ᠪᠠᠶᠢᠭᠤᠯᠵᠤ᠂ ᠥᠷᠭᠡᠨ ᠤᠯᠠᠨ ᠲᠠᠷᠢᠶᠠᠴᠢᠨ ᠲᠦᠮᠡᠨ ᠢ ᠦᠨᠡᠨᠬᠦ ᠬᠥᠲᠥᠯᠥᠨ ᠵᠢᠯᠤᠭᠤᠳᠴᠤ ᠪᠠᠶᠢᠭᠠᠳ ᠵᠥᠪ ᠣᠨᠣᠪᠴᠢᠲᠠᠢ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠦᠵᠡᠯᠲᠡ ᠶᠢ ᠪᠤᠢ ᠪᠣᠯᠭᠠᠵᠤ᠂ ᠤᠬᠠᠮᠰᠠᠷ ᠠᠴᠠ ᠪᠠᠨ ᠲᠣᠭᠲᠠᠭᠠᠯ ᠢ ᠵᠢᠷᠤᠮᠯᠠᠵᠤ᠂ ᠠᠮᠢ ᠠᠬᠤᠢ ᠣᠷᠴᠢᠨ ᠲᠣᠭᠤᠷᠢᠨ ᠢ ᠡᠪᠳᠡᠬᠦ ᠠᠯᠢᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠬᠤᠷᠢᠭᠯᠠᠬᠤ ᠬᠡᠷᠡᠭᠲᠡᠢ᠃    ᠨᠥᠭᠦᠭᠡ ᠲᠠᠯ᠎ᠠ ᠪᠠᠷ᠂ ᠪᠠᠯᠭᠠᠰᠤ ᠲᠣᠰᠬᠤᠨ ᠤ ᠤᠬᠠᠭᠤᠯᠬᠤ ᠳᠤᠭᠤᠶᠢᠯᠠᠩ ᠤᠨ ᠬᠢᠨ ᠡᠷᠦᠬᠡ ᠳᠠᠷᠠᠭᠠᠯᠠᠨ ᠤᠬᠠᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ ᠲᠤᠬᠠᠢ ᠶᠢᠨ ᠲᠠᠯᠠᠪᠤᠷ ᠲᠤᠨᠢ ᠲᠠᠶᠢᠯᠪᠤᠷᠢᠯᠠᠨ ᠶᠠᠷᠢᠵᠤ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠴᠤᠭᠯᠠᠭᠤᠯᠤᠨ᠂ ᠲᠥᠷᠥ ᠶᠢᠨ ᠪᠣᠳᠣᠯᠭ᠎ᠠ ᠶᠢᠨ ᠳᠠᠮᠵᠢᠭᠤᠯᠭ᠎ᠠ ᠪᠠ ᠠᠷᠠᠳ ᠤᠨ ᠰᠠᠨᠠᠭ᠎ᠠ ᠶᠢᠨ ᠬᠠᠷᠢᠭᠤ ᠲᠤᠰᠬᠠᠯ ᠤᠨ ᠬᠤᠣᠰ ᠴᠢᠭᠯᠡᠯ ᠢᠶᠠᠷ ᠬᠠᠷᠢᠯᠴᠠᠨ ᠬᠥᠳᠡᠯᠦᠯᠴᠡᠬᠦ ᠶᠢ ᠪᠡᠶᠡᠯᠡᠭᠦᠯᠪᠡ᠃ ᠡᠷᠦᠬᠡ ᠳᠤ ᠬᠦᠷᠴᠦ ᠤᠬᠠᠭᠤᠯᠬᠤ ᠳᠠᠭᠠᠨ᠂ ᠵᠢᠭᠰᠠᠭᠠᠨ ᠪᠠᠶᠢᠴᠠᠭᠠᠬᠤ ᠠᠵᠢᠯ ᠢ ᠵᠡᠷᠭᠡ ᠳᠤᠨᠢ ᠬᠢᠵᠦ᠂ ᠳᠠᠯᠳᠠ ᠪᠠᠶᠢᠭ᠎ᠠ ᠣᠶ ᠰᠢᠭᠤᠢ ᠡᠪᠡᠰᠦ ᠪᠡᠯᠴᠢᠭᠡᠷ ᠢ ᠡᠪᠳᠡᠵᠦ ᠴᠢᠭᠢᠭ ᠢ ᠡᠪᠳᠡᠬᠦ ᠦᠶᠯᠡ ᠠᠵᠢᠯᠯᠠᠭ᠎ᠠ ᠳᠤ ᠰᠦᠷᠳᠡᠭᠦᠯᠬᠦ ᠦᠢᠯᠡᠳᠦᠯ ᠦᠵᠡᠭᠦᠯᠬᠦ ᠬᠡᠷᠡᠭᠲᠡᠢ᠃ ᠡᠭᠦᠨ ᠤ ᠬᠠᠮᠲᠤ᠂ ᠠᠷᠠᠳ ᠤᠨ ᠠᠭᠠᠷ ᠤᠨ ᠰᠡᠷᠭᠡᠶᠢᠯᠡᠯᠲᠡ ᠪᠠ ᠮᠡᠷᠭᠡᠵᠢᠯ ᠤᠨ ᠰᠡᠷᠭᠡᠶᠢᠯᠡᠯᠲᠡ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠲᠤᠰᠬᠠᠢ ᠬᠥᠮᠥᠨ ᠲᠣᠬᠢᠷᠠᠭᠤᠯᠤᠨ ᠡᠳᠦᠷ ᠪᠦᠷᠢ ᠰᠡᠷᠭᠦᠭᠡᠬᠦ ᠭᠠᠵᠠᠷ ᠢ ︽ᠡᠷᠭᠢᠵᠦ ᠬᠠᠷᠠᠬᠤ︾ ᠪᠣᠯᠭᠠᠵᠤ᠂ ᠲᠣᠭᠤᠷᠢᠨ ᠬᠠᠮᠠᠭᠠᠯᠠᠬᠤ ᠤᠳᠠᠭ᠎ᠠ ᠶᠢ ᠨᠡᠮᠡᠭᠳᠡᠭᠦᠯᠦᠨ᠎ᠡ︔ ︽ᠵᠢᠯᠣᠭᠤᠴᠢ ᠦᠭᠡᠢ ᠨᠢᠰᠬᠡᠯ + ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ︾ ᠠᠷᠭ᠎ᠠ ᠮᠠᠶ᠋ᠢᠭ ᠢ ᠠᠰᠢᠭᠯᠠᠨ᠂ ᠰᠢᠩ ᠹᠦ᠋ ᠲᠣᠰᠬᠤᠨ᠂ ᠰᠢᠨ ᠯᠢ ᠲᠦᠨ ᠣᠶ ᠰᠢᠭᠤᠢ ᠶᠢᠨ ᠲᠠᠯᠠᠪᠠᠶ ᠳᠤ ᠪᠥᠬᠦ ᠴᠠᠷᠠᠭ᠎ᠠ ᠶᠢᠨ ᠬᠢᠨᠠᠨ ᠪᠠᠶᠢᠴᠠᠭᠠᠯᠲᠠ ᠶᠢ ᠥᠷᠨᠢᠭᠦᠯᠵᠦ᠂ ᠭᠤᠣᠯᠳᠠᠯᠭ᠎ᠠ ᠲᠠᠢ ᠣᠷᠣᠨ ᠪᠦᠰᠡ ᠳᠤ 24 ᠴᠠᠭ ᠤᠨ ᠥᠨᠳᠥᠷ ᠲᠣᠳᠣ ᠬᠢᠨᠠᠨ ᠡᠵᠡᠮᠳᠡᠯ ᠢ ᠨᠡᠮᠡᠨ ᠤᠭᠰᠠᠷᠠᠵᠤ᠂ ︽ᠠᠭᠠᠷ ᠲᠠᠬᠢ ᠰᠣᠶᠣᠯ ᠤᠨ ᠪᠠᠯᠠᠢ ᠶᠢ ᠠᠷᠢᠯᠭᠠᠬᠤ ᠣᠷᠣᠨ᠂ ᠭᠠᠵᠠᠷ ᠳᠡᠭᠡᠷᠡᠬᠢ ᠨᠠᠷᠢᠨ ᠵᠦᠢᠯᠡᠰ ᠢ ᠪᠠᠶᠢᠴᠠᠭᠠᠬᠤ︾ ᠪᠥᠬᠦ ᠲᠠᠯ᠎ᠠ ᠶᠢᠨ ᠬᠢᠨᠠᠨ ᠬᠠᠮᠢᠶᠠᠷᠤᠯᠲᠠ ᠶᠢ ᠪᠡᠶᠡᠯᠡᠭᠦᠯᠦᠨ᠂ ᠬᠠᠤᠯᠢ  ᠠᠴᠠ ᠵᠥᠷᠢᠴᠡᠭᠰᠡᠨ ᠭᠠᠵᠠᠷ ᠰᠢᠷᠣᠢ ᠶᠢ ᠰᠡᠷᠭᠦᠭᠡᠨ ᠵᠠᠰᠠᠬᠤ ᠪᠠ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠨ ᠬᠠᠮᠠᠭᠠᠯᠠᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃    ᠲᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤ ᠰᠠᠯᠠᠭ᠎ᠠ ᠮᠥᠴᠢᠷ ᠤᠨ ᠬᠠᠮᠵᠢᠯᠴᠠᠬᠤ ᠲᠣᠭᠲᠠᠴᠠ ᠶᠢ ᠭᠦᠨᠵᠡᠭᠡᠶᠢᠷᠡᠭᠦᠯᠵᠦ᠂ ︽ᠤᠷᠢᠳᠴᠢᠯᠠᠨ ᠰᠡᠷᠭᠡᠶᠢᠯᠡᠬᠦ ᠂ ᠬᠢᠨᠠᠨ ᠬᠡᠮᠵᠢᠬᠦ ᠂ ᠬᠠᠤᠯᠢ ᠬᠡᠷᠡᠭᠵᠢᠭᠦᠯᠬᠦ︾ ᠪᠢᠲᠡᠭᠦᠦ ᠴᠠᠭᠠᠷᠢᠭᠲᠤ ᠬᠠᠮᠢᠶᠠᠷᠤᠯᠲᠠ ᠶᠢᠨ ᠰᠢᠰᠲ᠋ᠧᠮ ᠤᠨ ᠦᠢᠯᠡᠳᠦᠯ ᠢ ᠪᠠᠳᠠᠷᠠᠭᠤᠯᠵᠤ᠂ ᠲᠦᠷᠭᠡᠨ ᠪᠠᠶᠢᠴᠠᠭᠠᠵᠤ ᠴᠢᠩᠭ᠎ᠠ ᠰᠢᠢᠳᠪᠦᠷᠢᠯᠡᠬᠦ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ ᠰᠦᠷᠳᠡᠭᠦᠯᠦᠯ ᠢ ᠴᠢᠩᠭᠠᠷᠠᠭᠤᠯᠬᠤ ᠶᠢᠨ ᠬᠠᠮᠲᠤ ᠠᠮᠢ ᠠᠬᠤᠢ ᠶᠢ ᠰᠡᠷᠭᠦᠭᠡᠬᠦ ᠪᠦᠲᠦᠭᠡᠨ ᠪᠠᠶᠢᠭᠤᠯᠤᠯᠲᠠ ᠬᠢᠭᠡᠳ ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ︽ᠬᠥᠮᠥᠨ ᠪᠦᠬᠦᠨ ᠣᠷᠣᠯᠴᠠᠵᠤ᠂ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ︾ ᠠᠮᠢ ᠠᠬᠤᠢ ᠶᠢᠨ ᠬᠠᠮᠠᠭᠠᠯᠠᠯᠲᠠ ᠶᠢᠨ ᠰᠢᠨ᠎ᠡ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠤᠨ᠎ᠠ᠃  
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ