ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ᠂ ᠰᠠᠭᠤᠭ᠎ᠠ ᠬᠠᠮᠢᠶ᠎ᠠ ᠪᠦᠬᠦᠢ ᠨᠢᠭᠡᠴᠡ ᠳᠤ᠄ | ︽ᠵᠠᠯᠠᠨ ᠠᠶᠢᠯ ᠬᠤᠲᠠ ᠶᠢᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠣᠣᠱᠯᠠᠭᠤᠯᠣᠨ ᠨᠠᠶᠢᠳᠠᠪᠤᠷᠢᠵᠢᠭᠤᠯᠲᠤᠭᠠᠢ | | | | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | ᠵᠠᠯᠠᠨ ᠠᠶᠢᠯ ᠬᠤᠲᠠ ᠶᠢᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ ᠲᠤᠬᠠᠢ ᠰᠠᠨᠠᠯ︾ ︵2024 ᠣᠨ ᠤ 9 ᠳ᠋ᠦ᠋ᠭᠡᠷ | ᠰᠠᠷ᠎ᠠ ᠶᠢᠨ 15 ᠤ ᠡᠳᠦᠷ ᠳᠠᠷᠤᠮᠠᠯᠯᠠᠨ ᠲᠠᠷᠬᠠᠭᠠᠭᠰᠠᠨ︶ ᠪᠠ ︽ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠬᠦᠷᠢᠶᠡᠨ ᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠰᠠᠨᠠᠯ︾ ︵ᠥᠪᠥᠷ ᠵᠠᠰᠠᠭ ᠲᠠᠷᠬᠠᠭᠠᠭᠰᠠᠨ ﹇2024﹈ 35 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠶᠢ ᠲᠣᠣᠱᠯᠠᠭᠤᠯᠣᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ | ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠬᠥᠯᠥᠨ ᠪᠤᠶᠢᠷ ᠬᠤᠲᠠ ᠶᠢᠨ ᠨᠠᠮ ᠤᠨ | ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠵᠠᠯᠠᠨ | ᠠᠶᠢᠯ ᠬᠤᠲᠠ ᠶᠢᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ | ᠭᠦᠨᠵᠡᠭᠡᠢ ᠬᠡᠷᠡᠭᠵᠢᠭᠦᠯᠵᠦ᠂ ᠪᠦᠬᠦ ᠬᠤᠲᠠ ᠶᠢᠨ ᠨᠡᠩ ᠴᠢᠨᠠᠷ ᠰᠠᠶᠢᠲᠠᠢ ᠨᠡᠩ ᠭᠦᠢᠴᠡᠳ ᠠᠵᠢᠯ ᠣᠯᠭᠤᠯᠲᠠ ᠶᠢ ᠠᠬᠢᠭᠤᠯᠵᠤ᠂ ᠮᠠᠨ ᠤ ᠬᠤᠲᠠ ᠶᠢᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠳᠣᠣᠷᠠᠬᠢ ᠮᠡᠲᠦ ᠬᠡᠷᠡᠭᠵᠢᠭᠦᠯᠬᠦ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠨᠡᠩ ᠴᠢᠨᠠᠷ ᠰᠠᠶᠢᠲᠠᠢ ᠨᠡᠩ ᠭᠦᠢᠴᠡᠳ ᠠᠵᠢᠯ ᠣᠯᠭᠤᠯᠲᠠ ᠶᠢᠨ ᠲᠤᠬᠠᠢ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠪᠠᠷ ᠪᠥᠬᠦ | ᠲᠠᠯ᠎ᠠ ᠶᠢ ᠶᠡᠷᠦᠩᠬᠡᠶᠢᠯᠡᠨ ᠡᠵᠡᠮᠳᠡᠬᠦ ᠶᠢ ᠪᠠᠷᠢᠮᠲᠠᠯᠠᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠪᠠᠲᠤ ᠪᠣᠶ ᠪᠣᠯᠭᠠᠵᠤ᠂ ︽ᠠᠵᠢᠯ | ᠣᠯᠭᠤᠯᠲᠠ ᠶᠢ ᠠᠬᠢᠭᠤᠯᠬᠤ ᠠᠵᠢᠯᠯᠠᠭ᠎ᠠ︾ ᠶᠢ ᠭᠦᠨᠵᠡᠭᠡᠢ ᠬᠡᠷᠡᠭᠵᠢᠭᠦᠯᠦᠨ᠂ ︽ᠬᠥᠯᠥᠨ ᠪᠤᠶᠢᠷ ᠬᠤᠲᠠ ᠶᠢᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ | ᠬᠡᠷᠡᠭᠵᠢᠭᠦᠯᠬᠦ ᠲᠥᠰᠥᠯ︾ ︽ᠠᠷᠪᠠᠨ ᠳᠥᠷᠪᠡᠨ ᠨᠢᠭᠡ︾ ᠶᠢᠨ ᠪᠡᠶᠡᠯᠡᠭᠦᠯᠬᠦ ᠠᠷᠭ᠎ᠠ ᠵᠠᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢᠨ | ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠠᠰᠤᠷᠠᠯᠲᠠ ᠦᠭᠡᠢ ᠪᠦᠷᠢᠨᠰᠢᠭᠦᠯᠵᠦ᠂ ᠴᠢᠨᠠᠷ ᠰᠠᠶᠢᠲᠠᠢ ᠪᠥᠭᠡᠳ ᠭᠦᠢᠴᠡᠳ ᠠᠵᠢᠯ ᠣᠯᠭᠤᠯᠲᠠ ᠶᠢ | ᠠᠬᠢᠭᠤᠯᠤᠨ᠂ ᠪᠥᠬᠦ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠠᠭᠤᠷᠢ ᠪᠠᠲᠤᠯᠠᠭ᠎ᠠ ᠬᠠᠩᠭᠠᠨ᠎ᠠ᠃ | ︵ᠬᠤᠶᠠᠷ︶ ᠠᠵᠢᠯ ᠤᠨ ᠬᠠᠷᠠᠯᠲᠠ᠃ 2025 ᠣᠨ ᠳᠤ᠂ ᠪᠥᠬᠦ ᠬᠤᠲᠠ ᠳᠤ ᠬᠤᠲᠠ ᠪᠠᠯᠭᠠᠰᠤᠨ ᠤ 3000 ᠬᠥᠮᠥᠨ ᠳᠤ ᠰᠢᠨ᠎ᠡ ᠪᠠᠷ ᠠᠵᠢᠯ ᠣᠯᠭᠤᠵᠤ᠂ | ᠳᠡᠭᠡᠳᠦ ᠱᠠᠲᠤᠨ ᠠᠴᠠ ᠪᠠᠭᠤᠯᠭᠠᠭᠰᠠᠨ ᠬᠤᠲᠠ ᠪᠠᠯᠭᠠᠰᠤᠨ ᠤ ᠰᠢᠨ᠎ᠡ ᠪᠠᠷ ᠠᠵᠢᠯ ᠣᠯᠬᠤ᠂ ᠠᠵᠢᠯ ᠠᠯᠳᠠᠭᠰᠠᠳ ᠲᠤ ᠳᠠᠬᠢᠨ ᠠᠵᠢᠯ ᠣᠯᠭᠤᠬᠤ᠂ ᠠᠵᠢᠯ | ᠣᠯᠬᠤ ᠳᠤ ᠬᠦᠴᠢᠷᠲᠡᠢ ᠬᠥᠮᠥᠰ ᠲᠤ ᠠᠵᠢᠯ ᠣᠯᠭᠤᠬᠤ ᠠᠵᠢᠯ ᠤᠨ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠪᠡ︔ ᠡᠯ᠎ᠡ ᠲᠥᠷᠥᠯ ᠤᠨ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ 3000 ᠬᠥᠮᠥᠨ ᠠᠴᠠ ᠳᠡᠭᠡᠭᠰᠢ ᠥᠷᠨᠢᠭᠦᠯᠵᠦ᠂ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠢ 2.4 | ᠲᠦᠮᠡ ᠠᠴᠠ ᠳᠡᠭᠡᠭᠰᠢ ᠬᠥᠮᠥᠨ ᠳᠤ ᠰᠢᠯᠵᠢᠭᠦᠯᠦᠨ ᠠᠵᠢᠯ ᠣᠯᠭᠤᠵᠤ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠶᠢᠨ ᠬᠦᠴᠦᠨ ᠤ ᠭᠠᠳᠠᠭᠰᠢ ᠭᠠᠷᠴᠤ ᠠᠵᠢᠯ | ᠬᠢᠬᠦ ᠬᠡᠪᠴᠢᠶ᠎ᠡ ᠶᠢ ᠦᠨᠳᠦᠰᠦᠨ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠬᠢᠵᠠᠭᠠᠷ ᠱᠤᠭᠤᠮ ᠢ ᠰᠠᠬᠢᠵᠤ | ᠂ ᠪᠥᠬᠦ ᠬᠤᠲᠠ ᠶᠢᠨ ᠠᠵᠢᠯ ᠣᠯᠭᠤᠯᠲᠠ ᠶᠢᠨ ᠪᠠᠶᠢᠳᠠᠯ ᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ | ᠬᠤᠶᠠᠷ᠂ ᠠᠵᠤ ᠦᠢᠯᠡᠰ ᠤᠨ ᠪᠠᠶᠢᠷᠢᠰᠢᠭᠤᠯᠤᠯ ᠢ ᠦᠷᠭᠦᠯᠵᠢᠯᠡᠨ ᠰᠢᠯᠢᠳᠡᠭᠵᠢᠭᠦᠯᠬᠦ ᠶᠢ ᠪᠠᠷᠢᠮᠲᠠᠯᠠᠨ᠎ᠠ | ︵ᠨᠢᠭᠡ︶ ᠠᠵᠤ ᠦᠢᠯᠡᠰ ᠤᠨ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠲᠤᠬᠠᠢ ᠶᠢᠨ ᠭᠠᠵᠠᠷ ᠲᠤᠨᠢ ᠪᠠ | ᠣᠶᠢᠷ᠎ᠠ ᠬᠠᠪᠢ ᠳᠤᠨᠢ ᠠᠵᠢᠯᠴᠢᠨ ᠬᠡᠷᠡᠭᠯᠡᠬᠦ ᠳᠦᠷᠢᠮ ᠢ ᠪᠠᠶᠢᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠲᠤᠬᠠᠢ ᠶᠢᠨ ᠭᠠᠵᠠᠷ ᠲᠤᠨᠢ ︽ | ᠴᠡᠷᠢᠭ ᠡᠯᠰᠡᠵᠦ ᠮᠣᠷᠢ ᠬᠤᠳᠠᠯᠳᠤᠨ ᠠᠪᠬᠤ︾ ᠪᠣᠯᠭᠠᠵᠤ᠂ ᠠᠵᠢᠯ ᠣᠯᠭᠤᠯᠲᠠ ᠶᠢ ᠦᠨᠡᠯᠡᠨ ᠵᠢᠱᠢᠬᠦ ᠰᠢᠰᠲ᠋ᠧᠮᠵᠢ ᠶᠢ ᠲᠡᠭᠦᠯᠳᠡᠷᠵᠢᠭᠦᠯᠦᠨ᠂ ᠴᠢᠬᠤᠯᠠ ᠶᠡᠭᠡ | ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠠᠭᠠᠨ ᠠᠵᠢᠯ ᠣᠯᠭᠤᠬᠤ ᠠᠵᠢᠯ ᠤᠨ ᠪᠠᠶᠢᠷᠢ᠂ ᠠᠵᠢᠯ ᠣᠯᠭᠤᠬᠤ ᠣᠷᠴᠢᠨ ᠲᠣᠭᠤᠷᠢᠨ᠂ ᠠᠵᠢᠯ ᠠᠯᠳᠠᠬᠤ | ᠲᠦᠭᠰᠢᠭᠦᠷᠢ ᠳᠤ ᠦᠵᠡᠭᠦᠯᠬᠦ ᠨᠥᠯᠥᠭᠡ ᠶᠢ ᠶᠡᠷᠦᠩᠬᠡᠶᠢᠯᠡᠨ ᠦᠨᠡᠯᠡᠨ ᠵᠢᠱᠢᠵᠦ᠂ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ᠂ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠲᠥᠷᠥᠯ ᠵᠦᠢᠯ ᠢ ᠬᠡᠷᠡᠭᠵᠢᠭᠦᠯᠬᠦ ᠳᠡᠭᠡᠨ ᠠᠵᠢᠯ ᠣᠯᠭᠤᠯᠲᠠ ᠶᠢᠨ ᠬᠡᠮᠵᠢᠶ᠎ᠡ ᠶᠢ ᠳᠠᠶᠢᠴᠢᠯᠠᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠪᠠᠷ ᠴᠢᠬᠤᠯᠠ | ᠪᠣᠳᠣᠯᠬᠢᠯᠠᠯ ᠪᠣᠯᠭᠠᠨ᠎ᠠ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠤᠨ ᠲᠥᠷᠥᠯ ᠵᠦᠢᠯ ᠳᠤ᠂ ᠬᠡᠯᠡᠯᠴᠡᠭᠡᠷ ᠲᠤ ᠲᠤᠬᠠᠢ ᠶᠢᠨ ᠭᠠᠵᠠᠷ ᠤᠨ | ᠬᠥᠳᠡᠯᠮᠦᠷᠢ ᠬᠦᠴᠦᠨ ᠢ ᠤᠷᠢᠳᠠᠪᠠᠷ ᠲᠠᠨᠢᠯᠴᠠᠭᠤᠯᠵᠤ᠂ ᠲᠤᠬᠠᠢ ᠶᠢᠨ ᠭᠠᠵᠠᠷ ᠤᠨ ᠬᠥᠳᠡᠯᠮᠦᠷᠢ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠠᠵᠢᠯ ᠣᠯᠭᠤᠨ᠎ᠠ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠢᠯ ᠣᠯᠭᠤᠬᠤ | ᠴᠢᠳᠠᠪᠤᠷᠢ ᠪᠠᠷ ᠴᠢᠩᠭ᠎ᠠ ᠠᠵᠢᠯ ᠲᠥᠷᠥᠯ᠂ ᠠᠵᠤ ᠦᠢᠯᠡᠰ᠂ ᠠᠵᠤ ᠠᠬᠤᠶᠢᠯᠠᠯ ᠢ ᠤᠷᠢᠳᠠᠪᠠᠷ ᠬᠥᠭᠵᠢᠭᠦᠯᠵᠦ᠂ ᠬᠦᠴᠦᠨ ᠢᠶᠠᠨ ᠲᠥᠪᠯᠡᠷᠡᠭᠦᠯᠦᠨ ᠪᠡᠯᠡ | ᠣᠷᠣᠭᠤᠯᠤᠯᠲᠠ ᠶᠢ ᠲᠣᠭᠲᠠᠪᠤᠷᠢᠵᠢᠭᠤᠯᠬᠤ ᠲᠥᠷᠥᠯ ᠵᠦᠢᠯ ᠢ ᠲᠥᠯᠥᠪᠵᠢᠭᠦᠯᠬᠦ᠂ ᠪᠦᠲᠦᠭᠡᠨ ᠪᠠᠶᠢᠭᠤᠯᠬᠤ᠂ ᠨᠥᠭᠡᠴᠡᠯᠡᠬᠦ ᠶᠢ ᠠᠬᠢᠭᠤᠯᠵᠤ᠂ ᠠᠵᠤ ᠠᠬᠤᠶᠢᠯᠠᠯ ᠢ | ᠬᠥᠲᠥᠯᠥᠨ ᠵᠢᠯᠤᠭᠤᠳᠴᠤ ᠪᠠᠶᠢᠭᠠᠳ ᠲᠤᠬᠠᠢ ᠶᠢᠨ ᠭᠠᠵᠠᠷ ᠲᠤᠨᠢ ᠣᠶᠢᠷ᠎ᠠ ᠬᠠᠪᠢ ᠳᠤᠨᠢ ᠠᠵᠢᠯᠴᠢᠨ ᠬᠡᠷᠡᠭᠯᠡᠬᠦ ᠶᠢ ᠪᠠᠲᠤᠯᠠᠵᠤ᠂ ᠠᠵᠤ ᠠᠬᠤᠢ ᠶᠢᠨ ᠨᠡᠮᠡᠭᠳᠡᠯ | ᠬᠢᠭᠡᠳ ᠠᠵᠢᠯ ᠣᠯᠭᠤᠯᠲᠠ ᠶᠢ ᠥᠷᠭᠡᠳᠬᠡᠬᠦ ᠶᠢᠨ ᠰᠠᠶᠢᠨ ᠦᠢᠯᠡᠳᠦᠯᠴᠡᠯ ᠢ ᠪᠠᠲᠤᠯᠠᠵᠤ᠂ ᠡᠳ᠋ ᠤᠨ ᠵᠠᠰᠠᠭ᠂ ᠪᠡᠯᠡ ᠣᠷᠣᠭᠤᠯᠤᠯᠲᠠ᠂ ᠬᠡᠷᠡᠭᠯᠡᠭᠡ᠂ ᠠᠵᠤ ᠦᠢᠯᠡᠰ᠂ | ᠣᠷᠣᠨ ᠪᠦᠰᠡ ᠵᠡᠷᠭᠡ ᠶᠢᠨ ᠲᠥᠷᠥ ᠶᠢᠨ ᠪᠣᠳᠣᠯᠭ᠎ᠠ ᠬᠢᠭᠡᠳ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠵᠣᠬᠢᠴᠠᠯᠳᠤᠨ ᠬᠥᠳᠡᠯᠦᠯᠴᠡᠬᠦ ᠶᠢ ᠠᠬᠢᠭᠤᠯᠤᠨ᠎ᠠ | ᠃ ︵ ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ᠃ | ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠤᠰᠤᠨ ᠠᠰᠢᠭᠯᠠᠯᠲᠠ ᠶᠢᠨ | ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠡᠯ᠎ᠡ ᠰᠢᠶᠠᠩ | ᠪᠠᠯᠭᠠᠰᠤ᠂ ᠵᠡᠭᠡᠯᠢ ᠭᠤᠳᠤᠮᠵᠢ᠃ ᠳᠣᠣᠷᠠᠬᠢ ᠬᠠᠷᠢᠭᠤᠴᠠᠯᠭ᠎ᠠ ᠲᠠᠢ ᠨᠢᠭᠡᠴᠡ ᠳᠤ ᠴᠥᠮ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢ ᠪᠠᠭᠲᠠᠭᠠᠨ᠎ᠠ᠂ ᠠᠰ | ᠲᠤᠨᠢ ᠵᠢᠭᠰᠠᠭᠠᠬᠤ ᠦᠭᠡᠢ᠃︶ | ︵ᠬᠤᠶᠠᠷ︶ ᠠᠵᠤ ᠦᠢᠯᠡᠰ ᠤᠨ ᠪᠦᠲᠦᠴᠡ ᠶᠢᠨ ᠬᠤᠪᠢ ᠶᠢᠨ ᠵᠢᠩ ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃ ᠰᠢᠨ᠎ᠡ ᠬᠡᠯᠪᠡᠷᠢ ᠶᠢᠨ ᠣᠷᠴᠢᠯ ᠠᠵᠤ | ᠦᠢᠯᠡᠳᠪᠦᠷᠢ᠂ ᠰᠢᠨ᠎ᠡ ᠬᠡᠯᠪᠡᠷᠢ ᠶᠢᠨ ᠰᠠᠭᠤᠷᠢᠰᠢᠬᠤ ᠳᠤ ᠲᠣᠬᠢᠷᠠᠮᠵᠢᠲᠠᠢ ᠬᠤᠲᠠ ᠪᠠᠯᠭᠠᠰᠤ᠂ ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ᠂ ᠰᠡᠯᠡᠭᠦᠴᠡᠯ | ᠠᠮᠠᠷᠠᠯᠲᠠ ᠶᠢᠨ ᠵᠢᠭᠤᠯᠴᠢᠯᠠᠯ ᠤᠨ ᠦᠢᠯᠡᠰ᠂ ᠣᠲᠣ ᠦᠶ᠎ᠡ ᠶᠢᠨ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠦᠢᠯᠡᠰ᠂ ᠡᠷᠡᠭᠦᠯᠵᠢᠯ ᠰᠤᠪᠢᠯᠠᠯᠲᠠ ᠶᠢᠨ | ᠠᠵᠤ ᠦᠢᠯᠡᠰ᠂ ᠠᠭᠠᠷ ᠤᠨ ᠠᠵᠤ ᠦᠢᠯᠡᠰ᠂ ᠰᠢᠨ᠎ᠡ ᠡᠨᠧᠷᠭᠢ ᠶᠢᠨ ᠠᠵᠤ ᠦᠢᠯᠡᠰ ᠢ ᠲᠦᠷᠭᠡᠳᠬᠡᠨ ᠬᠥᠭᠵᠢᠭᠦᠯᠦᠨ᠎ᠡ︔ ᠡᠷᠳᠡᠨᠢ ᠰᠢᠰᠢ ᠶᠢ ᠨᠠᠷᠢᠯᠢᠭ | ᠡᠳ᠋ᠰᠢᠭᠦᠯᠬᠦ ᠶᠢ ᠶᠡᠬᠡᠪᠡᠷ ᠠᠬᠢᠭᠤᠯᠵᠤ᠂ ᠡᠯᠧᠺᠲᠷᠣᠨ ᠬᠤᠳᠠᠯᠳᠤᠭ᠎ᠠ᠂ ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡ᠂ ᠡᠷᠡᠭᠦᠯ ᠮᠡᠨᠳᠦ ᠡᠮ ᠡᠮᠨᠡᠯᠭᠡ | ᠵᠡᠷᠭᠡ ᠠᠵᠤ ᠦᠢᠯᠡᠰ ᠢ ᠰᠢᠭᠤᠳ ᠨᠠᠪᠲᠠᠷᠡᠭᠦᠯᠵᠦ᠂ ᠨᠠᠩ ᠣᠯᠠᠨ ᠠᠵᠢᠯ ᠣᠯᠭᠤᠯᠲᠠ ᠶᠢᠨ ᠠᠵᠠ ᠲᠣᠬᠢᠶᠠᠯ ᠢ ᠡᠭᠦᠳᠦᠨ᠎ᠡ᠃ ᠬᠤᠲᠠ ᠪᠠᠯᠭᠠᠰᠤ ᠶᠢᠨ ᠣᠨᠴᠠᠯᠢᠭᠲᠤ | ᠠᠵᠤ ᠦᠢᠯᠡᠰ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠦᠢᠯᠡᠰ᠂ ᠢᠳᠡᠭᠡᠨ ᠤᠮᠳᠠᠭᠠᠨ ᠤ ᠦᠢᠯᠡᠰ ᠢ ᠶᠡᠬᠡᠪᠡᠷ ᠲᠦᠯᠬᠢᠨ ᠠᠬᠢᠭᠤᠯᠵᠤ᠂ ᠬᠤᠲᠠ | ᠪᠠᠯᠭᠠᠰᠤ ᠶᠢᠨ ᠠᠵᠤ ᠠᠬᠤᠢ ᠶᠢ ᠪᠤᠵᠠᠭᠠᠶᠢᠷᠠᠭᠤᠯᠤᠨ ᠠᠮᠢᠳᠤᠯᠢᠭᠵᠢᠭᠤᠯᠤᠨ ᠬᠦᠴᠦᠷᠬᠡᠭᠵᠢᠭᠦᠯᠵᠦ᠂ ᠬᠤᠲᠠ ᠶᠢᠨ ᠬᠡᠪᠴᠢᠶᠡᠨ ᠳᠠᠬᠢ ᠠᠵᠢᠯ ᠣᠯᠭᠤᠯᠲᠠ ᠶᠢᠨ | ᠳᠠᠭᠠᠭᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠬᠥᠳᠡᠭᠡ ᠲᠣᠰᠬᠤᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ | ︽ᠭᠤᠷᠪᠠ ᠶᠢ ᠬᠤᠪᠢᠷᠠᠭᠤᠯᠬᠤ︾ ︽ᠭᠤᠷᠪᠠ ᠶᠢ ᠨᠢᠭᠡ ᠴᠣᠭᠴᠠᠵᠢᠭᠤᠯᠬᠤ︾ ᠲᠤᠷᠰᠢᠯᠲᠠ ᠶᠢᠨ ᠴᠡᠭ ᠤᠨ ᠥᠭᠡᠷᠡᠴᠢᠯᠡᠯᠲᠡ ᠶᠢ ᠢᠳᠡᠪᠬᠢᠲᠡᠢ ᠲᠦᠯᠬᠢᠨ | ᠠᠬᠢᠭᠤᠯᠵᠤ᠂ ᠬᠠᠷ᠎ᠠ ᠳᠡᠯᠳᠡᠦ᠂ ᠬᠢᠲᠠᠳ ᠡᠪᠡᠰᠦᠨ ᠡᠮ᠂ ᠠᠯᠠᠰᠢᠨ ᠦᠬᠡᠷ ᠠᠯᠠᠰᠢᠨ ᠬᠤᠨᠢ ᠵᠡᠷᠭᠡ ᠣᠨᠴᠠᠯᠢᠭᠲᠤ ᠡᠭᠦᠯᠳᠡᠷ ᠤᠨ ᠲᠡᠵᠢᠭᠡᠨ ᠦᠷᠡᠵᠢᠭᠦᠯᠬᠦ ᠦᠢᠯᠡᠰ | ᠪᠠ ᠣᠶ ᠶᠢᠨ ᠬᠤᠷᠮᠣᠢ ᠶᠢᠨ ᠠᠵᠤ ᠠᠬᠤᠢ ᠶᠢ ᠭᠤᠣᠯᠳᠠᠯᠭ᠎ᠠ ᠲᠠᠢ ᠬᠥᠭᠵᠢᠭᠦᠯᠵᠦ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢ | ᠪᠣᠶᠢᠵᠢᠭᠤᠯᠤᠨ᠂ ᠠᠵᠢᠯ ᠣᠯᠭᠤᠯᠲᠠ ᠶᠢᠨ ᠨᠡᠮᠡᠭᠳᠡᠯ ᠤᠨ ᠴᠡᠭ ᠢ ᠭᠦᠨ ᠠᠭᠤᠳᠠᠯᠤᠨ᠎ᠠ᠃ ᠵᠢᠭᠤᠯᠴᠢᠯᠠᠯ ᠤᠨ ᠪᠥᠬᠦ ᠬᠦᠴᠦᠨ ᠵᠦᠢᠯ ᠤᠨ ᠨᠡᠶᠢᠯᠡᠯ᠂ ᠪᠥᠬᠦ ᠠᠵᠤ | ᠦᠢᠯᠡᠰ ᠤᠨ ᠬᠤᠯᠪᠤᠭᠠᠯᠠᠨ ᠬᠥᠳᠡᠯᠦᠯᠴᠡᠬᠦ ᠶᠢ ᠶᠡᠬᠡᠪᠡᠷ ᠠᠬᠢᠭᠤᠯᠵᠤ᠂ ᠵᠢᠭᠤᠯᠴᠢᠯᠠᠯ᠂ ᠰᠣᠶᠣᠯ᠂ ᠪᠡᠶ᠎ᠡ ᠶᠢᠨ ᠲᠠᠮᠢᠷ ᠤᠨ ᠠᠭᠤᠰᠤᠯᠴᠠᠨ ᠬᠥᠭᠵᠢᠬᠦ ᠶᠢ ᠪᠡᠶᠡᠯᠡᠭᠦᠯᠦᠨ | ᠂ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢ ᠥᠷᠭᠡᠳᠬᠡᠵᠦ᠂ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠨ᠎ᠡ᠃ ᠲᠠᠷᠢᠶᠠᠯᠠᠩ | ᠬᠥᠳᠡᠭᠡ ᠲᠣᠰᠬᠤᠨ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ᠂ ᠣᠶ ᠰᠢᠭᠤᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ | ᠬᠦᠷᠢᠶᠡᠨ ᠳᠠᠬᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯᠴᠢᠨ ᠬᠡᠷᠡᠭᠯᠡᠬᠦ ᠳᠠᠯᠳᠠ ᠬᠦᠴᠦᠨ ᠢ ᠭᠦᠢᠴᠡᠳ ᠠᠭᠤᠳᠠᠯᠵᠤ᠂ ᠠᠵᠢᠯ ᠣᠯᠭᠤᠬᠤ ᠪᠠᠷ | ᠲᠡᠳᠬᠦᠮᠵᠢ ᠶᠢ ᠣᠷᠣᠯᠠᠭᠤᠯᠬᠤ ᠶᠢ ᠳᠡᠯᠭᠡᠷᠡᠭᠦᠯᠦᠨ᠂ ᠲᠤᠬᠠᠢ ᠶᠢᠨ ᠭᠠᠵᠠᠷ ᠣᠶᠢᠷ᠎ᠠ ᠬᠠᠪᠢ ᠳᠠᠭᠠᠨ ᠠᠵᠢᠯ ᠬᠢᠵᠦ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ | ᠪᠡᠶᠡᠯᠡᠭᠦᠯᠦᠨ᠎ᠡ᠃ ︵ ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠃ ᠬᠠᠷᠢᠭᠤᠴᠠᠯᠭᠠᠲᠤ ᠰᠠᠯᠠᠭ᠎ᠠ | ᠮᠥᠴᠢᠷ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠠᠮ | ᠬᠠᠷᠢᠯᠴᠠᠭᠠᠨ ᠤ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠵᠠᠯᠠᠨ ᠠᠶᠢᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠬᠠᠩᠭᠠᠨ | ᠪᠣᠷᠣᠯᠠᠭᠤᠯᠬᠤ ᠬᠤᠷᠢᠶ᠎ᠠ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠲᠥᠪ᠂ ᠠᠷᠠᠳ ᠤᠨ ᠠᠭᠠᠷ ᠤᠨ ᠲᠡᠭᠡᠭᠡᠪᠦᠷᠢ ᠶᠢᠨ ᠦᠢᠯᠡᠰ ᠤᠨ | ᠬᠥᠭᠵᠢᠯᠲᠡ ᠶᠢᠨ ᠲᠥᠪ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ᠂ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ | ᠬᠠᠮᠢᠶᠠᠷᠤᠯᠲᠠ ᠶᠢᠨ ᠠᠯᠪᠠᠨ ᠭᠡᠷ᠂ ᠬᠤᠲᠠ ᠶᠢᠨ ᠰᠠᠭᠤᠷᠢ ᠪᠦᠲᠦᠭᠡᠨ ᠪᠠᠶᠢᠭᠤᠯᠣᠯᠲᠠ ᠶᠢᠨ ᠪᠡᠯᠡ ᠣᠷᠣᠭᠤᠯᠬᠤ ᠨᠡᠭᠡᠭᠡᠨ ᠠᠰᠢᠭᠯᠠᠬᠤ ᠬᠢᠵᠠᠭᠠᠷᠲᠣ ᠺᠣᠮᠫᠠᠨᠢ᠂ | ᠰᠣᠶᠣᠯ ᠵᠢᠭᠤᠯᠴᠢᠯᠠᠯ ᠤᠨ ᠪᠡᠯᠡ ᠣᠷᠣᠭᠤᠯᠬᠤ ᠨᠡᠬᠡᠭᠡᠨ ᠠᠰᠢᠭᠯᠠᠬᠤ ᠺᠣᠮᠫᠠᠨᠢ᠂ ᠦᠢᠯᠡᠳᠪᠦᠷᠢ ᠬᠤᠳᠠᠯᠳᠣᠭᠠᠨ ᠤ ᠬᠤᠯᠪᠣᠭ᠎ᠠ︶ | ︵ᠭᠤᠷᠪᠠ︶ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠵᠢᠯ ᠣᠯᠭᠤᠬᠤ ᠴᠢᠳᠠᠪᠤᠷᠢ ᠶᠢ | ᠪᠠᠳᠠᠷᠠᠭᠤᠯᠤᠨ᠎ᠠ᠃ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ᠂ ᠭᠡᠷ ᠤᠨ ᠲᠦᠷᠢᠶᠡᠰᠦ ᠶᠢ ᠬᠠᠰᠤᠵᠤ ᠬᠡᠯᠲᠦᠷᠢᠭᠦᠯᠬᠦ ᠪᠠ ᠨᠥᠬᠦᠪᠦᠷᠢ ᠥᠭᠬᠦ᠂ ᠲᠦᠭᠡᠮᠡᠯ | ᠬᠠᠷᠠᠭᠠᠯᠵᠠᠯᠲᠤ ᠮᠥᠩᠭᠦᠨ ᠭᠦᠢᠯᠭᠡᠭᠡᠨ ᠤ ᠳᠡᠮᠵᠢᠯᠭᠡ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠳᠠᠮ ᠬᠦᠦ ᠥᠭᠬᠦ᠂ ᠠᠵᠤ ᠠᠬᠤᠶᠢᠯᠠᠯ ᠢ | ᠳᠡᠮᠵᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢ ᠭᠦᠢᠴᠡᠳ ᠪᠠᠳᠠᠷᠠᠭᠤᠯᠵᠤ᠂ ᠡᠵᠡᠩᠨᠡᠨ ᠬᠤᠳᠠᠯᠳᠣᠭᠠᠯᠠᠬᠤ ᠣᠷᠴᠢᠨ | ᠨᠦᠭᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠡᠯ᠎ᠡ ᠲᠥᠷᠥᠯ ᠤᠨ ᠬᠠᠮᠲᠤᠯᠢᠭ ᠤᠨ ᠠᠵᠤ ᠠᠬᠤᠶᠢᠯᠠᠯ ᠡᠭᠦᠳᠦᠨ ᠡᠷᠭᠢᠯᠡᠬᠦ ᠢᠳᠡᠪᠬᠢᠵᠢᠯ ᠢ | ᠳᠡᠭᠡᠭᠰᠢᠯᠡᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠣᠭᠲᠠᠭᠤᠨ ᠢᠶᠠᠷ | ᠬᠥᠭᠵᠢᠬᠦ ᠶᠢ ᠠᠬᠢᠭᠤᠯᠤᠨ᠂ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠳᠡᠪᠬᠢᠵᠢᠯ ᠢ ᠳᠡᠭᠡᠭᠰᠢᠯᠡᠭᠦᠯᠦᠨ᠎ᠡ᠃ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠤᠨ ᠲᠡᠳᠬᠦᠵᠦ ᠪᠤᠵᠠᠭᠠᠶᠢᠷᠠᠭᠤᠯᠤᠨ᠂ ᠠᠵᠢᠯ | ᠣᠯᠭᠤᠬᠤ ᠠᠷᠭ᠎ᠠ ᠵᠠᠮ ᠢ ᠥᠷᠭᠡᠳᠬᠡᠨ᠎ᠡ᠃ ︵ᠲᠦᠷᠦᠭᠦᠯᠡᠨ ᠬᠢᠬᠦ ᠰᠠᠯᠠᠭ᠎ᠠ ᠮᠥᠴᠢᠷ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠭᠠᠶᠢᠯᠢ ᠶᠢᠨ ᠶᠠᠪᠤᠳᠠᠯ ᠤᠨ ᠲᠣᠪᠴᠢᠶ᠎ᠠ᠃ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠣᠯᠲᠠ ᠶᠢᠨ | ᠲᠣᠪᠴᠢᠶ᠎ᠠ︶ | ︵ᠳᠥᠷᠪᠡ︶ ᠠᠮᠢᠳᠤᠯᠢᠭ ᠠᠵᠢᠯ ᠣᠯᠭᠤᠯᠲᠠ ᠪᠠ ᠰᠢᠨ᠎ᠡ ᠠᠵᠢᠯ ᠣᠯᠭᠤᠯᠲᠠ ᠶᠢᠨ ᠬᠡᠯᠪᠡᠷᠢ ᠪᠠᠶᠢᠳᠠᠯ ᠢ ᠲᠡᠮᠵᠢᠨ ᠬᠥᠭᠵᠢᠭᠦᠯᠦᠨ᠎ᠡ᠃ ᠰᠢᠨ᠎ᠡ ᠠᠵᠤ ᠦᠢᠯᠡᠰ | ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠬᠤᠳᠠᠯᠳᠤᠭᠠᠨ ᠤ ᠵᠠᠭᠪᠤᠷ ᠲᠤ ᠲᠦᠰᠢᠭᠯᠡᠨ᠂ ᠲᠠᠪᠴᠠᠩ ᠤᠨ ᠠᠵᠤ ᠠᠬᠤᠢ᠂ ᠡᠯᠧᠺᠲᠷᠣᠨ ᠬᠤᠳᠠᠯᠳᠤᠭᠠᠨ ᠤ | ᠶᠠᠪᠤᠳᠠᠯ᠂ ᠲᠦᠷᠭᠡᠨ ᠬᠦᠷᠭᠡᠬᠦ ᠠᠵᠢᠯ ᠲᠥᠷᠥᠯ᠂ ᠨᠡᠶᠢᠭᠡᠮ ᠲᠣᠭᠤᠷᠢᠭ ᠤᠨ ᠦᠢᠯᠡᠴᠢᠯᠡᠭᠡ ᠵᠡᠷᠭᠡ ᠰᠢᠨ᠎ᠡ ᠠᠵᠢᠯ ᠣᠯᠭᠤᠯᠲᠠ ᠶᠢᠨ ᠬᠡᠯᠪᠡᠷᠢ ᠪᠠᠶᠢᠳᠠᠯ ᠤᠨ | ᠬᠥᠭᠵᠢᠯᠲᠡ ᠶᠢ ᠳᠡᠮᠵᠢᠨ ᠵᠢᠷᠤᠮᠵᠢᠭᠤᠯᠵᠤ᠂ ᠣᠯᠠᠨ ᠡᠰᠢᠵᠢᠭᠰᠡᠨ ᠣᠯᠠᠨ ᠲᠠᠰ ᠳᠠᠪᠬᠤᠷᠭ᠎ᠠ ᠶᠢᠨ ᠠᠵᠢᠯ ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ | ᠪᠣᠶᠢᠵᠢᠭᠤᠯᠤᠨ᠎ᠠ᠃ ᠠᠵᠢᠯ ᠲᠥᠷᠥᠯ ᠤᠨ ᠰᠠᠯᠠᠭ᠎ᠠ ᠮᠥᠴᠢᠷ ᠤᠳ ᠢᠨᠲ᠋ᠧᠷ ᠰᠦᠯᠵᠢᠶᠡᠨ ᠤ ᠲᠠᠪᠴᠠᠩ ᠤᠨ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢ | ᠪᠦᠷᠢᠳᠬᠡᠨ ᠬᠢᠨᠠᠨ ᠬᠡᠮᠵᠢᠬᠦ᠂ ᠬᠠᠮᠢᠶᠠᠷᠴᠤ ᠬᠢᠨᠠᠯᠲᠠ ᠲᠠᠯᠪᠢᠬᠤ ᠪᠠ ᠦᠢᠯᠡᠴᠢᠯᠡᠭᠡᠨ ᠤ ᠪᠠᠲᠤᠯᠠᠭ᠎ᠠ ᠪᠠᠨ ᠴᠢᠩᠭᠠᠳᠬᠠᠬᠤ ᠬᠡᠷᠡᠭᠲᠡᠢ᠃ ᠠᠮᠢᠳᠤᠯᠢᠭ ᠢᠶᠠᠷ ᠠᠵᠢᠯ | ᠣᠯᠣᠭᠰᠠᠳ ᠪᠠ ᠰᠢᠨ᠎ᠡ ᠠᠵᠢᠯ ᠣᠯᠭᠤᠯᠲᠠ ᠶᠢᠨ ᠬᠡᠯᠪᠡᠷᠢ ᠪᠠᠶᠢᠳᠠᠯ ᠲᠠᠢ ᠠᠵᠢᠯ ᠡᠷᠬᠢᠯᠡᠭᠰᠡᠳ ᠤᠨ ᠨᠡᠶᠢᠭᠡᠮ ᠤᠨ ᠳᠠᠭᠠᠳᠬᠠᠯ ᠳᠤ ᠪᠡᠶ᠎ᠡ ᠪᠠᠨ ᠳᠠᠭᠠᠭᠠᠵᠤ | ᠨᠥᠬᠦᠴᠡᠯ ᠳᠤ ᠨᠡᠶᠢᠴᠡᠬᠦ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠵᠢᠯ ᠡᠷᠬᠢᠯᠡᠭᠰᠡᠳ ᠲᠤ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ | ᠲᠣᠭᠲᠠᠭᠠᠯ ᠶᠣᠰᠣᠭᠠᠷ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ᠂ ᠭᠠᠶᠢᠯᠢ ᠲᠠᠲᠠᠪᠤᠷᠢ ᠶᠢᠨ ᠬᠠᠷᠠᠭᠠᠯᠵᠠᠯ᠂ ᠠᠳᠠᠯ ᠦᠢᠯᠡᠰ ᠴᠣᠭᠴᠠᠯᠠᠬᠤ | ᠨᠥᠬᠦᠪᠦᠷᠢ ᠵᠡᠷᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠨᠠᠶᠢᠳᠠᠪᠤᠷᠢᠵᠢᠭᠤᠯᠤᠨ᠎ᠠ᠃ ᠴᠢᠭᠯᠡᠭᠦᠯᠬᠦ ᠴᠢᠨᠠᠷᠲᠠᠢ ᠠᠵᠢᠯ ᠣᠯᠭᠤᠬᠤ ᠦᠢᠯᠡᠴᠢᠯᠡᠭᠡᠨ ᠢ ᠥᠷᠨᠢᠭᠦᠯᠵᠦ | ᠂ ᠪᠣᠯᠪᠠᠰᠤᠷᠠᠭᠤᠯᠤᠯ ᠤᠨ ᠬᠦᠰᠡᠯ ᠰᠠᠨᠠᠭ᠎ᠠ ᠲᠠᠢ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠵᠢᠯ ᠡᠷᠬᠢᠯᠡᠭᠰᠡᠳ ᠤᠨ ᠪᠣᠯᠪᠠᠰᠤᠷᠠᠭᠤᠯᠪᠠᠰᠤ ᠵᠣᠬᠢᠬᠤ ᠶᠢ ᠨᠢ | ᠴᠥᠮ ᠪᠣᠯᠪᠠᠰᠤᠷᠠᠭᠤᠯᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠠᠵᠢᠯ ᠣᠯᠣᠭᠰᠠᠳ ᠤᠨ ᠠᠵᠢᠯ ᠡᠷᠢᠬᠦ ᠴᠢᠳᠠᠪᠤᠷᠢ ᠪᠠ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢ ᠨᠡᠮᠡᠭᠳᠡᠭᠦᠯᠦᠨ᠎ᠡ᠃ ᠠᠵᠢᠯ ᠮᠡᠷᠭᠡᠵᠢᠯ ᠤᠨ ᠮᠡᠷᠭᠡᠵᠢᠯ ᠤᠨ ᠴᠢᠳᠠᠪᠤᠷᠢ ᠶᠢᠨ ᠵᠡᠷᠭᠡ ᠳᠡᠰ ᠢ ᠦᠨᠡᠮᠰᠢᠬᠦ ᠪᠠ ᠲᠤᠰᠬᠠᠢ ᠵᠦᠢᠯ ᠤᠨ ᠠᠵᠢᠯ ᠮᠡᠷᠭᠡᠵᠢᠯ | ᠤᠨ ᠴᠢᠳᠠᠪᠤᠷᠢ ᠶᠢ ᠬᠢᠨᠠᠨ ᠰᠢᠯᠭᠠᠬᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠶᠢ ᠲᠦᠯᠬᠢᠨ ᠠᠬᠢᠭᠤᠯᠤᠨ᠎ᠠ᠃ ︵ ᠲᠦᠷᠦᠭᠦᠯᠡᠨ ᠬᠢᠬᠦ ᠰᠠᠯᠠᠭ᠎ᠠ ᠮᠥᠴᠢᠷ᠄ | ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠬᠦᠭᠵᠢᠭᠦᠯᠦᠯᠲᠡ ᠶᠢᠨ ᠲᠦᠪ᠂ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠡᠮ ᠡᠮᠨᠡᠯᠭᠡ ᠶᠢᠨ | ᠪᠠᠲᠤᠯᠠᠭ᠎ᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠭᠠᠶᠢᠯᠢ ᠶᠢᠨ | ᠶᠠᠪᠤᠳᠠᠯ ᠤᠨ ᠲᠣᠪᠴᠢᠶ᠎ᠠ᠂ ᠠᠵᠢᠯᠴᠢᠨ ᠤ ᠶᠡᠷᠦᠩᠬᠡᠢ ᠡᠪᠯᠡᠯ︶ | ︵ᠲᠠᠪᠤ︶ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠢ ᠢᠳᠡᠪᠬᠢᠲᠡᠢ ᠪᠠᠷ ᠬᠥᠭᠵᠢᠭᠦᠯᠦᠨ᠎ᠡ᠃ ᠲᠥᠷᠥ ᠶᠢᠨ ᠪᠣᠳᠣᠯᠭ᠎ᠠ ᠶᠢᠨ | ᠰᠢᠰᠲ᠋ᠧᠮᠵᠢ ᠶᠢ ᠪᠦᠷᠢᠨᠰᠢᠭᠦᠯᠵᠦ᠂ ᠳᠤᠮᠳᠠ ᠵᠢᠵᠢᠭ ᠬᠡᠯᠪᠡᠷᠢ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠠᠬᠤᠶᠢᠯᠠᠯ ᠡᠷᠭᠢᠯᠡᠬᠦ ᠶᠢ | ᠵᠣᠷᠢᠭᠵᠢᠭᠤᠯᠤᠨ᠂ ᠵᠢᠵᠢᠭ ᠪᠢᠴᠢᠯ ᠠᠵᠤ ᠠᠬᠤᠶᠢᠯᠠᠯ ᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ | ᠠᠳᠠᠯ ᠦᠢᠯᠡᠰ ᠴᠣᠭᠴᠠᠯᠠᠬᠤ ᠬᠠᠮᠲᠤᠯᠢᠭ ᠤᠨ ᠬᠠᠮᠢᠶ᠎ᠠ ᠪᠦᠬᠦᠢ ᠠᠵᠤ ᠠᠬᠤᠶᠢᠯᠠᠯ ᠡᠭᠦᠳᠦᠨ ︽ᠨᠢᠭᠡ ᠲᠠᠪᠴᠠᠩ︾ ᠢ ᠪᠠᠶᠢᠭᠤᠯᠵᠤ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠶᠤᠨᠲᠤ ᠠᠵᠢᠯ ᠣᠯᠭᠤᠯᠲᠠ ᠶᠢᠨ ᠦᠢᠯᠡᠴᠢᠯᠡᠭᠡᠨ ᠤ ᠡᠭᠦᠯᠡᠨ ᠲᠠᠪᠴᠠᠩ ᠳᠤ ᠲᠦᠰᠢᠭᠯᠡᠨ᠂ ᠲᠣᠭᠠᠴᠢᠯᠠᠭᠰᠠᠨ ᠬᠥᠮᠥᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠵᠢᠴᠢ ᠪᠥᠬᠦ ᠬᠤᠲᠠ ᠶᠢᠨ ᠬᠠᠮᠵᠢᠯᠴᠠᠨ ᠦᠢᠯᠡᠴᠢᠯᠡᠬᠦ ᠲᠣᠣᠷ ᠰᠦᠯᠵᠢᠶ᠎ᠡ ᠶᠢᠨ ᠰᠢᠰᠲ᠋ᠧᠮᠵᠢ ᠶᠢ | ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠬᠢᠭᠡᠳ ᠡᠵᠡᠩᠨᠡᠯᠲᠡ ᠶᠢᠨ ᠴᠢᠨᠠᠷᠲᠠᠢ ᠪᠠᠶᠢᠭᠤᠯᠤᠮᠵᠢ ᠶᠢᠨ ᠲᠤᠭ᠎ᠠ ᠪᠠᠷᠢᠮᠲᠠ ᠶᠢᠨ ᠬᠠᠷᠢᠯᠴᠠᠨ ᠬᠤᠯᠪᠣᠭᠠᠯᠠᠬᠤ᠂ | ᠲᠤᠬᠠᠶᠢᠯᠠᠭᠰᠠᠨ ᠠᠵᠢᠯ ᠤᠨ ᠬᠠᠷᠢᠯᠴᠠᠨ ᠨᠡᠪᠲᠡᠷᠡᠯᠴᠡᠬᠦ ᠶᠢ ᠠᠬᠢᠭᠤᠯᠤᠨ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠰᠦᠪᠡᠭᠴᠢᠯᠡᠨ ᠬᠡᠷᠡᠭᠯᠡᠵᠦ | ᠪᠠᠶᠢᠭᠠᠳ ᠹᠢᠽᠢᠺ ᠤᠨ ᠣᠷᠣᠨ ᠵᠠᠢ ᠶᠢᠨ ᠬᠢᠵᠠᠭᠠᠷᠯᠠᠯ ᠢ ᠡᠪᠳᠡᠨ᠎ᠡ᠃ ︽ᠨᠢᠭᠡ ᠯᠡ ᠤᠳᠠᠭ᠎ᠠ ᠳᠤ ᠡᠮᠬᠢᠯᠡᠨ ᠨᠡᠶᠢᠯᠡᠭᠦᠯᠬᠦ︾ ᠶᠢ ᠪᠡᠶᠡᠯᠡᠭᠦᠯᠵᠦ᠂ ᠬᠥᠮᠥᠨ ᠤ | ᠬᠦᠴᠦᠨ ᠤ ᠡᠬᠢ ᠪᠠᠶᠠᠯᠢᠭ ᠤᠨ ᠠᠵᠢᠯ ᠢ ᠭᠠᠷᠳᠠᠨ ᠬᠢᠬᠦ ᠡᠭᠦᠷᠭᠡ ᠴᠢᠳᠠᠪᠤᠷᠢ ᠶᠢ ᠠᠵᠢᠯ ᠣᠯᠭᠤᠯᠲᠠ ᠶᠢᠨ ᠦᠢᠯᠡᠴᠢᠯᠡᠭᠡᠨ ᠤ ᠰᠠᠯᠠᠭ᠎ᠠ ᠮᠥᠴᠢᠷ ᠲᠤ ᠡᠮᠬᠢᠯᠡᠨ | ᠨᠡᠶᠢᠯᠡᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠶᠢ ᠨᠢᠭᠡᠳᠦᠯᠲᠡᠢ ᠬᠠᠩᠭᠠᠵᠤ᠂ ᠪᠦᠬᠦ ᠬᠤᠳᠠ ᠶᠢᠨ ᠬᠥᠮᠥᠨ ᠤ ᠬᠦᠴᠦᠨ ᠤ ᠡᠬᠢ | ᠪᠠᠶᠠᠯᠢᠭ ᠤᠨ ᠵᠠᠬ᠎ᠠ ᠳᠡᠯᠭᠡᠭᠦᠷ ᠤᠨ ᠬᠤᠯᠪᠣᠭᠳᠠᠯ ᠪᠦᠬᠦᠢ ᠵᠦᠢᠯᠡᠰ᠂ ᠰᠡᠳᠦᠪ ᠤᠨ ᠰᠤᠳᠤᠯᠭᠠᠨ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ︵ | ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠃ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠨᠠᠮ ᠤᠨ | ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠭᠡᠷ︶ | ᠭᠤᠷᠪᠠ᠂ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ ᠶᠢ ᠪᠠᠷᠢᠮᠲᠠᠯᠠᠨ᠎ᠠ | ︵ᠨᠢᠭᠡ︶ ᠠᠳᠠᠯ ᠦᠢᠯᠡᠰ ᠴᠣᠭᠴᠠᠯᠠᠬᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠨᠤᠲᠤᠭ ᠲᠠᠭᠠᠨ ᠪᠤᠴᠠᠵᠤ ᠠᠳᠠᠯ ᠦᠢᠯᠡᠰ | ᠴᠣᠭᠴᠠᠯᠠᠬᠤ ᠳᠤ ᠬᠡᠷᠡᠭᠯᠡᠬᠦ ᠭᠠᠵᠠᠷ ᠰᠢᠷᠣᠢ ᠶᠢ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠲᠠ ᠬᠥᠳᠡᠭᠡ ᠶᠢᠨ ᠬᠥᠭᠵᠢᠯᠲᠡ ᠶᠢᠨ ᠲᠥᠯᠦᠪᠵᠢᠭᠦᠯᠭᠡ ᠵᠢᠴᠢ | ᠡᠶᠡᠯᠳᠡᠭ ᠰᠠᠶᠢᠬᠠᠨ ᠰᠢᠶᠠᠩ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠳᠤ ᠣᠷᠣᠭᠤᠯᠵᠤ᠂ ᠨᠤᠲᠤᠭ ᠲᠠᠭᠠᠨ ᠪᠤᠴᠠᠵᠤ ᠠᠳᠠᠯ ᠦᠢᠯᠡᠰ | ᠴᠣᠭᠴᠠᠯᠠᠬᠤ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ ᠢ ᠨᠢᠭᠡᠳᠦᠯᠲᠡᠢ ᠲᠥᠯᠥᠪᠯᠡᠨ ᠲᠣᠬᠢᠷᠠᠭᠤᠯᠤᠨ᠎ᠠ᠃ ᠠᠳᠠᠯ ᠦᠢᠯᠡᠰ ᠴᠣᠭᠴᠠᠯᠠᠬᠤ ᠡᠬᠢ | ᠪᠠᠶᠠᠯᠢᠭ ᠤᠨ ᠲᠥᠷᠥᠯ ᠵᠦᠢᠯ ᠢ ᠵᠣᠯᠭᠠᠭᠤᠯᠬᠤ ᠠᠵᠢᠯᠯᠠᠭ᠎ᠠ ᠥᠷᠨᠢᠭᠦᠯᠦᠨ᠎ᠡ᠃ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠵᠡᠷᠭᠡ ᠵᠠᠯᠠᠭᠤᠴᠤᠳ ᠤᠨ | ᠬᠠᠮᠲᠤᠯᠢᠭ᠂ ᠴᠡᠷᠢᠭ ᠠᠴᠠ ᠬᠠᠯᠠᠭᠳᠠᠭᠰᠠᠳ᠂ ᠵᠡᠮᠳᠡᠭᠴᠦᠳ᠂ ᠡᠮᠡᠭᠲᠡᠶᠢᠴᠦᠳ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠶᠢᠨ ᠬᠦᠴᠦᠨ ᠵᠡᠷᠭᠡ ᠬᠠᠮᠲᠤᠯᠢᠭ ᠤᠨ | ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠤᠨ ᠲᠡᠮᠵᠢᠨ᠎ᠠ᠃ ᠨᠡᠶᠢᠭᠡᠮ ᠤᠨ ᠪᠣᠳᠠᠲᠤ ᠴᠣᠭᠴᠠ ᠶᠢᠨ ᠠᠳᠠᠯ ᠦᠢᠯᠡᠰ ᠴᠣᠭᠴᠠᠯᠠᠬᠤ ᠶᠢ ᠵᠢᠯᠤᠭᠤᠳᠬᠤ ᠠᠵᠢᠯ ᠤᠨ | ᠲᠠᠰᠤᠭ ᠨᠡᠭᠡᠭᠡᠨ ᠡᠷᠭᠢᠯᠡᠬᠦ ᠶᠢ ᠳᠡᠮᠵᠢᠨ᠎ᠡ᠃ ᠠᠷᠰᠠᠷ ᠠᠵᠢᠯ ᠤᠨ ᠵᠠᠬ᠎ᠠ ᠳᠡᠯᠭᠡᠭᠦᠷ᠂ ᠭᠡᠷ ᠤᠨ ᠡᠭᠦᠳᠡᠨ ᠳᠠᠬᠢ ᠠᠵᠢᠯ ᠣᠯᠭᠤᠬᠤ ᠦᠢᠯᠡᠴᠢᠯᠡᠭᠡᠨ ᠤ ᠥᠷᠲᠡᠭᠡ | ᠵᠡᠷᠭᠡ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠠᠴᠢᠶᠠᠯᠠᠪᠤᠷᠢ ᠶᠢᠨ ᠪᠦᠲᠦᠭᠡᠨ ᠪᠠᠶᠢᠭᠤᠯᠤᠯᠲᠠ ᠪᠠ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ | ᠳᠡᠪᠰᠢᠭᠦᠯᠬᠦ ᠶᠢ ᠠᠬᠢᠭᠤᠯᠵᠤ᠂ ᠬᠤᠲᠠ ᠶᠢᠨ ᠱᠠᠲᠤᠨ ᠤ ᠠᠳᠠᠯ ᠦᠢᠯᠡᠰ ᠴᠣᠭᠴᠠᠯᠠᠵᠤ ᠨᠡᠪᠴᠢᠭᠦᠯᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠰᠦᠪᠡᠭᠴᠢᠯᠡᠨ | ᠠᠬᠢᠭᠤᠯᠵᠤ᠂ ᠢᠵᠢ ᠪᠦᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠦᠨ᠂ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠪᠠ ᠪᠣᠶᠢᠵᠢᠭᠤᠯᠬᠤ ᠠᠵᠢᠯ ᠢ | ᠥᠷᠨᠢᠭᠦᠯᠵᠦ᠂ ︽ᠠᠳᠠᠯ ᠦᠢᠯᠡᠰ ᠴᠣᠭᠴᠠᠯᠠᠵᠤ ᠨᠡᠪᠴᠢᠭᠦᠯᠬᠦ᠂ ᠨᠡᠶᠢᠲᠡᠯᠢᠭ ᠵᠢᠱᠢᠶ᠎ᠡ ᠦᠵᠡᠭᠦᠯᠬᠦ︾ ᠴᠢᠳᠠᠮᠵᠢ ᠶᠢ ᠭᠦᠢᠴᠡᠳ ᠪᠠᠳᠠᠷᠠᠭᠤᠯᠤᠨ᠂ ᠨᠠᠩ ᠣᠯᠠᠨ | ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠲᠥᠷᠥᠯ ᠵᠦᠢᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ︵ᠨᠡᠪᠴᠢᠭᠦᠯᠬᠦ ᠰᠠᠭᠤᠷᠢᠨ ᠭᠠᠵᠠᠷ︶ ᠳᠤ | ᠣᠷᠣᠵᠤ ᠰᠠᠭᠤᠬᠤ ᠶᠢ ᠵᠣᠷᠢᠭᠵᠢᠭᠤᠯᠤᠨ᠎ᠠ᠃ ︵ ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠃ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠲᠥᠪ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ | ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠡᠪᠯᠡᠯ ᠤᠨ ᠬᠤᠲᠠ ᠶᠢᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ | ᠬᠤᠯᠪᠣᠭ᠎ᠠ︶ | ︵ᠬᠤᠶᠠᠷ︶ ᠠᠳᠠᠯ ᠦᠢᠯᠡᠰ ᠴᠣᠭᠴᠠᠯᠠᠬᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠠᠳᠠᠯ ᠦᠢᠯᠡᠰ ᠴᠣᠭᠴᠠᠯᠠᠬᠤ ᠪᠠᠲᠤᠯᠠᠭᠠᠲᠤ | ᠵᠢᠭᠡᠯᠡᠯᠭᠡ ᠶᠢᠨ ᠬᠢᠨᠠᠨ ᠵᠥᠪᠰᠢᠶᠡᠷᠡᠬᠦ ᠳᠡᠰ ᠳᠠᠷᠠᠭ᠎ᠠ ᠶᠢ ᠳᠥᠭᠦᠮᠴᠢᠯᠡᠵᠦ᠂ ᠠᠳᠠᠯ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ᠂ ᠨᠢᠭᠡ ᠯᠡ ᠤᠳᠠᠭ᠎ᠠ ᠶᠢᠨ | ᠴᠢᠨᠠᠷᠲᠠᠢ ᠠᠳᠠᠯ ᠦᠢᠯᠡᠰ ᠴᠣᠭᠴᠠᠯᠠᠬᠤ ᠨᠥᠬᠦᠪᠦᠷᠢ ᠵᠡᠷᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠨᠥᠬᠦᠴᠡᠯ ᠳᠤ ᠨᠡᠶᠢᠴᠡᠬᠦ | ᠵᠢᠵᠢᠭ ᠪᠢᠴᠢᠯ ᠠᠵᠤ ᠠᠬᠤᠶᠢᠯᠠᠯ ᠵᠢᠴᠢ ᠭᠤᠣᠯᠳᠠᠯᠭ᠎ᠠ ᠲᠠᠢ ᠠᠵᠢᠯ ᠣᠯᠭᠤᠯᠲᠠ ᠶᠢᠨ ᠬᠠᠮᠲᠤᠯᠢᠭ ᠲᠤ ᠬᠠᠷᠢᠶᠠᠯᠠᠭᠳᠠᠬᠤ ᠦᠢᠯᠡᠰ ᠪᠣᠰᠬᠠᠭᠴᠢ ᠶᠢᠨ ᠬᠤᠪᠢ | ᠬᠥᠮᠥᠨ ᠳᠤ ᠂ ᠡᠭᠦᠨ ᠳᠤ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ᠂ ᠠᠵᠢᠯ ᠣᠯᠬᠤ ᠳᠤ ᠬᠦᠴᠢᠷᠲᠡᠢ ᠬᠥᠮᠥᠰ ︵ᠵᠡᠮᠳᠡᠭᠴᠦᠳ ᠢ | ᠪᠠᠭᠲᠠᠭᠠᠨ᠎ᠠ︶᠂ ᠴᠡᠷᠢᠭ ᠠᠴᠠ ᠬᠠᠯᠠᠭᠳᠠᠭᠰᠠᠳ᠂ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠥᠰ᠂ ᠳᠡᠭᠡᠳᠦ ᠰᠤᠷᠭᠠᠭᠤᠯᠢ ᠲᠡᠭᠦᠰᠦᠭᠰᠡᠳ | ︵ᠣᠶᠤᠲᠠᠨ ᠲᠣᠰᠬᠤᠨ ᠤ ᠳᠠᠷᠤᠭ᠎ᠠ ᠪᠠ ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠭᠰᠠᠨ ᠰᠣᠷᠣᠭᠴᠢ ᠶᠢ ᠪᠠᠭᠲᠠᠭᠠᠨ᠎ᠠ︶᠂ ᠦᠯᠡᠭᠦᠳᠡᠭᠰᠡᠨ | ᠦᠢᠯᠡᠳᠪᠦᠷᠢᠯᠡᠬᠦ ᠴᠢᠳᠠᠪᠤᠷᠢ ᠶᠢ ᠠᠷᠢᠯᠭᠠᠭᠰᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠠ ᠠᠵᠢᠯ ᠠᠯᠳᠠᠭᠰᠠᠳ᠂ ᠨᠤᠲᠤᠭ ᠲᠠᠭᠠᠨ ᠪᠤᠴᠠᠵᠤ ᠠᠳᠠᠯ ᠦᠢᠯᠡᠰ | ᠴᠣᠭᠴᠠᠯᠠᠭᠰᠠᠨ ᠬᠥᠯᠥᠰᠦᠨ ᠠᠵᠢᠯᠴᠢᠨ᠂ ᠰᠦᠯᠵᠢᠶᠡᠨ ᠤ ᠬᠤᠳᠠᠯᠳᠤᠭᠠᠴᠢᠨ ᠡᠷᠦᠬᠡ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ᠂ ᠬᠥᠳᠡᠭᠡ ᠲᠣᠰᠬᠤᠨ ᠤ | ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠭᠰᠠᠨ ᠲᠠᠷᠢᠶᠠᠴᠢᠳ ᠲᠤ ᠴᠥᠮ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠳᠠᠮ ᠬᠦᠦ ᠶᠢᠨ | ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ ᠠᠯᠪᠠᠨ ᠠᠴᠠ ᠡᠷᠭᠢᠯᠡᠭᠰᠡᠨ ᠠᠳᠠᠯ ᠦᠢᠯᠡᠰ ᠴᠣᠭᠴᠠᠯᠠᠬᠤ ᠬᠦᠷᠢᠶᠡᠯᠡᠩ ︵ᠨᠡᠪᠴᠢᠭᠦᠯᠬᠦ ᠰᠠᠭᠤᠷᠢᠨ ᠭᠠᠵᠠᠷ︶ ᠨᠢ | ᠣᠷᠣᠵᠤ ᠰᠠᠭᠤᠭᠰᠠᠨ ᠠᠵᠤ ᠠᠬᠤᠶᠢᠯᠠᠯ ᠳᠤ ᠲᠠᠯᠠᠪᠤᠷ ᠤᠨ ᠲᠦᠷᠢᠶᠡᠰᠦᠨ ᠮᠥᠩᠭᠦ᠂ ᠤᠰᠤ ᠴᠠᠬᠢᠯᠭᠠᠨ᠂ ᠠᠳᠠᠯ ᠠᠬᠤᠢ ᠵᠡᠷᠭᠡ ᠶᠢᠨ ᠵᠠᠷᠤᠳᠠᠯ ᠢ ᠬᠠᠰᠤᠵᠤ | ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ︵ ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠲᠠ ᠶᠢᠨ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠡ᠃ ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠮᠥᠩᠭᠦᠨ | ᠭᠦᠢᠯᠭᠡᠭᠡᠨ ᠤ ᠪᠠᠶᠢᠭᠤᠯᠤᠮᠵᠢ︶ | ᠳᠥᠷᠪᠡ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠶᠠᠰᠤ ᠴᠢᠨᠠᠷ ᠦᠷ᠎ᠡ ᠪᠦᠲᠦᠮᠵᠢ ᠶᠢ ᠦᠷᠭᠦᠯᠵᠢᠯᠡᠨ ᠴᠢᠩᠭᠠᠷᠠᠭᠤᠯᠬᠤ ᠶᠢ ᠪᠠᠷᠢᠮᠲᠠᠯᠠᠨ᠎ᠠ | ︵ᠨᠢᠭᠡ︶ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ | ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠲᠡᠭᠦᠰᠦᠭᠰᠡᠳ ᠤᠨ ᠠᠵᠢᠯ ᠣᠯᠬᠤ ᠶᠢ ᠮᠥᠷᠳᠡᠬᠦ ᠲᠣᠭᠲᠠᠴᠠ ᠶᠢ ᠪᠠᠶᠢᠭᠤᠯᠵᠤ᠂ | ᠰᠤᠷᠭᠠᠭᠤᠯᠢ ᠠᠴᠠ ᠪᠠᠨ ᠰᠠᠯᠤᠭᠠᠳ 3 ᠵᠢᠯ ᠤᠨ ᠳᠣᠲᠣᠷ᠎ᠠ ᠠᠵᠢᠯ ᠣᠯᠣᠭᠰᠠᠨ ᠪᠠ ᠠᠵᠢᠯ ᠮᠡᠷᠭᠡᠵᠢᠯ ᠤᠨ ᠬᠤᠪᠢᠷᠠᠯᠲᠠ ᠶᠢᠨ ᠪᠠᠶᠢᠳᠠᠯ ᠢ ᠬᠥᠳᠡᠯᠦᠩᠭᠦᠢ ᠪᠠᠷ | ᠡᠵᠡᠮᠰᠢᠵᠦ᠂ ᠲᠤᠰᠬᠠᠢ ᠮᠡᠷᠭᠡᠵᠢᠯ ᠤᠨ ᠰᠤᠷᠭᠠᠭᠤᠯᠢ ᠪᠠ ᠠᠵᠤ ᠠᠬᠤᠶᠢᠯᠠᠯ ᠢ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ︽ᠵᠠᠬᠢᠶᠠᠯᠠᠭ᠎ᠠ ᠶᠢᠨ ᠮᠠᠶ᠋ᠢᠭ︾ ᠤᠨ ᠴᠢᠳᠠᠪᠤᠷᠢᠲᠠᠨ ᠬᠥᠮᠥᠵᠢᠭᠦᠯᠬᠦ ᠬᠡᠪᠴᠢᠶ᠎ᠡ ᠶᠢ ᠥᠷᠭᠡᠳᠬᠡᠨ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ | ᠠᠵᠢᠯ ᠮᠡᠷᠭᠡᠵᠢᠯ ᠤᠨ ᠠᠷᠠᠳ ᠠᠴᠠ ᠡᠷᠭᠢᠯᠡᠭᠰᠡᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠵᠣᠯᠭᠠᠭᠤᠯᠬᠤ ᠶᠢ ᠳᠡᠮᠵᠢᠨ | ᠵᠣᠷᠢᠭᠵᠢᠭᠤᠯᠤᠨ᠎ᠠ᠃ ︽ᠨᠢᠭᠡ ᠴᠣᠭᠴᠠᠵᠢᠭᠤᠯᠤᠨ ᠪᠣᠯᠪᠠᠰᠤᠷᠠᠭᠤᠯᠬᠤ︾ ᠶᠢ ᠨᠢᠭᠡᠳᠦᠯᠲᠡᠢ ᠲᠥᠯᠥᠪᠯᠡᠨ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ᠂ | ᠴᠢᠬᠤᠯᠠ ᠶᠡᠭᠡ ᠲᠥᠷᠥᠯ ᠵᠦᠢᠯ ᠵᠢᠴᠢ ᠠᠵᠢᠯ ᠣᠯᠭᠤᠬᠤ ᠪᠠᠭᠲᠠᠭᠠᠮᠵᠢ ᠪᠠᠷ ᠶᠡᠭᠡ ᠪᠠᠶᠢᠭ᠎ᠠ ᠭᠡᠷ ᠤᠨ ᠶᠠᠪᠤᠳᠠᠯ᠂ ᠨᠠᠰᠤᠵᠢᠯ ᠤᠨ ᠠᠰᠠᠷᠠᠮᠵᠢ᠂ ᠰᠣᠶᠣᠯ ᠵᠢᠭᠤᠯᠴᠢᠯᠠᠯ᠂ | ᠪᠠᠷᠠᠭᠠᠨ ᠤ ᠭᠦᠢᠯᠭᠡᠭᠡ᠂ ᠲᠠᠷᠢᠶᠠᠯᠠᠩ ᠤᠨ ᠮᠡᠷᠭᠡᠵᠢᠯ ᠵᠡᠷᠭᠡ ᠵᠠᠬ᠎ᠠ ᠳᠡᠯᠭᠡᠭᠦᠷ ᠤᠨ ᠪᠠᠴᠢᠮ ᠬᠡᠷᠡᠭᠴᠡᠭᠡ ᠲᠠᠢ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ᠂ | ᠵᠠᠬᠢᠶᠠᠯᠠᠭ᠎ᠠ ᠶᠢᠨ ᠮᠠᠶ᠋ᠢᠭ ᠤᠨ᠂ ᠬᠠᠨᠳᠤᠯᠭᠠᠲᠤ ᠮᠠᠶ᠋ᠢᠭ ᠤᠨ ᠪᠣᠯᠪᠠᠰᠤᠷᠠᠭᠤᠯᠤᠯ ᠢ ᠥᠷᠨᠢᠭᠦᠯᠵᠦ᠂ ᠮᠡᠷᠭᠡᠵᠢᠯ ᠴᠢᠳᠠᠪᠤᠷᠢ ᠲᠠᠢ ᠬᠥᠳᠡᠯᠮᠦᠷᠢᠴᠢᠳ ᠤᠨ ᠬᠠᠩᠭᠠᠯᠭ᠎ᠠ ᠶᠢ | ᠪᠦᠲᠦᠮᠵᠢᠲᠡᠶ ᠨᠡᠮᠡᠭᠳᠡᠭᠦᠯᠦᠨ᠎ᠡ᠃ ︽ᠮᠡᠷᠭᠡᠵᠢᠯ ᠴᠢᠳᠠᠪᠤᠷᠢ ᠪᠠᠷ ᠠᠵᠤ ᠠᠬᠤᠶᠢᠯᠠᠯ ᠢ ᠬᠦᠴᠦᠷᠬᠡᠭᠵᠢᠭᠦᠯᠬᠦ ᠠᠵᠢᠯ ᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ | ᠭᠦᠨᠵᠡᠭᠡᠢ ᠬᠡᠷᠡᠭᠵᠢᠭᠦᠯᠵᠦ᠂ ᠠᠵᠤ ᠠᠬᠤᠶᠢᠯᠠᠯ ᠤᠨ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠤ ᠬᠠᠮᠢᠶ᠎ᠠ ᠪᠦᠬᠦᠢ ᠳᠦᠷᠢᠮ ᠢ ᠲᠡᠭᠦᠯᠳᠡᠷᠵᠢᠭᠦᠯᠦᠨ᠂ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ᠂ ᠰᠢᠨ᠎ᠡ ᠮᠠᠶ᠋ᠢᠭ ᠤᠨ ᠱᠠᠪᠢ ᠣᠷᠣᠬᠤ ᠳᠦᠷᠢᠮ ᠤᠨ | ᠪᠣᠯᠪᠠᠰᠤᠷᠠᠭᠤᠯᠤᠯ ᠥᠷᠨᠢᠭᠦᠯᠬᠦ ᠶᠢ ᠳᠡᠮᠵᠢᠵᠦ᠂ ᠮᠠᠰᠲ᠋ᠧᠷ᠂ ᠳᠡᠭᠡᠳᠦ ᠵᠡᠷᠭᠡ ᠶᠢᠨ ᠮᠠᠰᠲ᠋ᠧᠷ ᠬᠥᠮᠥᠵᠢᠭᠦᠯᠬᠦ ᠶᠢ ᠢᠳᠡᠪᠬᠢᠲᠡᠢ ᠥᠷᠨᠢᠭᠦᠯᠦᠨ᠎ᠡ᠃ ︵ᠲᠦᠷᠦᠭᠦᠯᠡᠨ ᠬᠢᠬᠦ | ᠰᠠᠯᠠᠭ᠎ᠠ ᠮᠥᠴᠢᠷ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠃ | ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠠᠵᠢᠯᠴᠢᠨ ᠤ ᠶᠡᠷᠦᠩᠬᠡᠢ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠠᠯᠠᠨ ᠠᠶᠢᠯ ᠤᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ᠂ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠺᠣᠮᠫᠠᠨᠢ︶ | ︵ᠬᠤᠶᠠᠷ︶ ᠬᠥᠮᠥᠨ ᠪᠠ ᠠᠵᠢᠯ ᠤᠨ ᠪᠠᠶᠢᠷᠢ ᠶᠢ ᠵᠣᠬᠢᠴᠠᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ | ᠬᠤᠯᠪᠤᠭᠠᠯᠠᠨ ᠬᠥᠳᠡᠯᠦᠯᠴᠡᠬᠦ ᠶᠢ ᠢᠳᠡᠪᠬᠢᠲᠡᠢ ᠠᠬᠢᠭᠤᠯᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠪᠠ ᠣᠯᠠᠨ ᠲᠦᠮᠡᠨ ᠤ ᠠᠵᠢᠯ | ᠣᠯᠬᠤ ᠬᠦᠰᠡᠯ ᠰᠠᠨᠠᠭ᠎ᠠ ᠶᠢ ᠨᠢᠭᠡᠳᠦᠯᠲᠡᠢ ᠲᠥᠯᠥᠪᠯᠡᠨ᠂ ︽ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ + ᠮᠡᠷᠭᠡᠵᠢᠯ ᠤᠨ ᠴᠢᠳᠠᠪᠤᠷᠢ ᠶᠢᠨ | ᠪᠣᠯᠪᠠᠰᠤᠷᠠᠭᠤᠯᠤᠯ + ᠠᠵᠢᠯ ᠣᠯᠭᠤᠯᠲᠠ ᠶᠢᠨ ᠲᠠᠨᠢᠯᠴᠠᠭᠤᠯᠭ᠎ᠠ︾ ᠶᠢᠨ ᠲᠥᠷᠥᠯ ᠵᠦᠶᠯᠴᠢᠯᠡᠭᠰᠡᠨ ᠢᠯᠡ ᠲᠣᠳᠣ ᠪᠣᠯᠪᠠᠰᠤᠷᠠᠭᠤᠯᠤᠯ ᠤᠨ ᠵᠠᠭᠪᠤᠷ ᠢ | ᠬᠡᠷᠡᠭᠵᠢᠭᠦᠯᠦᠨ᠎ᠡ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠨᠡᠶᠢᠭᠡᠮ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ᠂ ᠣᠯᠠᠨ ᠨᠡᠶᠢᠲᠡ ᠶᠢᠨ ᠳᠠᠳᠤᠯᠭ᠎ᠠ | ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠠᠴᠠ ᠠᠵᠢᠯ ᠤᠨ ᠪᠠᠶᠢᠷᠢ ᠬᠠᠩᠭᠠᠨ᠂ ᠪᠠᠷᠢᠮᠵᠢᠶ᠎ᠠ ᠲᠣᠭᠲᠠᠭᠠᠨ᠂ | ᠰᠤᠷᠭᠠᠭᠤᠯᠢ ᠠᠴᠠ ᠰᠣᠷᠣᠭᠴᠢ᠂ ᠪᠠᠭᠰᠢ᠂ ᠵᠢᠭᠠᠨ ᠰᠤᠷᠭᠠᠯᠲᠠ ᠶᠢᠨ ᠡᠬᠢ ᠪᠠᠶᠠᠯᠢᠭ ᠬᠠᠩᠭᠠᠵᠤ᠂ ᠵᠠᠰᠠᠭ ᠤᠨ ᠣᠷᠳᠣᠨ ᠠᠴᠠ ᠲᠥᠷᠥ ᠶᠢᠨ ᠪᠣᠳᠣᠯᠭ᠎ᠠ᠂ | ᠦᠢᠯᠡᠴᠢᠯᠡᠭᠡ᠂ ᠬᠠᠮᠢᠶᠠᠷᠤᠯᠲᠠ ᠬᠠᠩᠭᠠᠵᠤ᠂ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠦᠨᠡᠯᠡᠯᠲᠡ ᠶᠢᠨ ᠮᠡᠷᠭᠡᠵᠢᠯ ᠴᠢᠳᠠᠪᠤᠷᠢ ᠶᠢᠨ ᠠᠮᠢ ᠠᠬᠤᠢ ᠶᠢᠨ ᠬᠡᠯᠬᠢᠶ᠎ᠡ ᠶᠢ | ᠪᠣᠶ ᠪᠣᠯᠭᠠᠨ᠎ᠠ᠃ ︽ᠨᠢᠭᠡ ᠪᠦᠯᠦᠭ ᠨᠠᠷᠢᠨ ᠲᠠᠩᠰᠠ︾ ᠶᠢ ᠨᠡᠶᠢᠲᠡᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠦᠨᠳᠦᠰᠦᠨ ᠱᠠᠲᠤ᠂ ᠠᠵᠤ ᠠᠬᠤᠶᠢᠯᠠᠯ ᠳᠤ | ᠭᠦᠨᠵᠡᠭᠡᠶᠢᠷᠡᠵᠦ᠂ ᠠᠵᠢᠯ ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠪᠠ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢᠨ ᠪᠠᠶᠢᠴᠠᠭᠠᠯᠲᠠ ᠶᠢ ᠴᠢᠩᠭᠠᠳᠬᠠᠨ᠂ | ᠪᠠᠴᠢᠮ ᠬᠡᠷᠡᠭᠴᠡᠭᠡ ᠲᠠᠢ ᠠᠵᠢᠯ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ ᠢ ᠴᠠᠭ ᠲᠤᠬᠠᠢ ᠳᠤᠨᠢ ᠨᠡᠶᠢᠲᠡᠯᠡᠵᠦ᠂ ︽ᠠᠵᠢᠯ ᠪᠠᠶᠢᠭᠠᠳ ᠬᠢᠬᠦ ᠬᠥᠮᠥᠨ | ᠦᠭᠡᠢ︾ ᠠᠵᠢᠯ ᠤᠨ ᠪᠠᠶᠢᠷᠢ ᠶᠢᠨ ᠨᠠᠷᠢᠨ ᠲᠠᠩᠰᠠ᠂ ︽ ᠬᠦᠮᠦᠨ ᠪᠠᠶᠢᠭᠠᠳ ᠠᠵᠢᠯ ᠦᠭᠡᠢ︾ ᠬᠥᠮᠥᠰ ᠤᠨ ᠨᠠᠷᠢᠨ ᠲᠠᠩᠰᠠ ᠶᠢ ᠰᠤᠳᠤᠯᠤᠨ ᠪᠠᠶᠢᠭᠤᠯᠵᠤ᠂ | ᠬᠥᠮᠥᠨ ᠤ ᠬᠦᠴᠦᠨ ᠤ ᠡᠬᠢ ᠪᠠᠶᠠᠯᠢᠭ ᠤᠨ ᠨᠡᠭᠡᠭᠡᠯᠲᠡ ᠶᠢᠨ ᠪᠠᠷᠠᠭᠠᠯᠬᠢᠯᠠᠯᠳᠤ ᠴᠢᠨᠠᠷ ᠢ ᠨᠡᠮᠡᠭᠳᠡᠭᠦᠯᠦᠨ᠎ᠡ᠃ ᠠᠵᠤ ᠠᠬᠤᠶᠢᠯᠠᠯ ᠤᠨ ᠠᠵᠢᠯ ᠤᠨ ᠪᠠᠶᠢᠷᠢ ᠶᠢᠨ | ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠬᠠᠨᠳᠤᠯᠭᠠᠲᠤ ᠴᠢᠨᠠᠷᠲᠠᠢ ᠠᠵᠢᠯ ᠣᠯᠭᠤᠯᠲᠠ ᠶᠢᠨ ᠦᠢᠯᠡᠴᠢᠯᠡᠭᠡ ᠶᠢ ᠥᠷᠨᠢᠭᠦᠯᠵᠦ᠂ ᠨᠠᠩ ᠨᠠᠷᠢᠯᠢᠭ ᠣᠨᠣᠴᠠᠲᠠᠢ | ᠠᠵᠢᠯ ᠣᠯᠭᠤᠯᠲᠠ ᠶᠢᠨ ᠪᠣᠯᠪᠠᠰᠤᠷᠠᠭᠤᠯᠤᠯ ᠤᠨ ᠵᠢᠯᠣᠭᠤᠳᠤᠯᠭ᠎ᠠ ᠪᠠ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ ᠪᠠᠷ ᠬᠥᠳᠡᠯᠮᠦᠷᠢ ᠶᠢᠨ ᠬᠦᠴᠦᠨ ᠤ ᠵᠦᠢ ᠵᠣᠬᠢᠰᠲᠠᠢ | ᠰᠢᠯᠵᠢᠯᠲᠡ ᠪᠠ ᠠᠵᠢᠯ ᠣᠯᠭᠤᠯᠲᠠ ᠶᠢᠨ ᠵᠣᠬᠢᠴᠠᠯᠳᠤᠯ ᠢ ᠠᠬᠢᠭᠤᠯᠤᠨ᠎ᠠ᠃ ︵ ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠲᠠ ᠶᠢᠨ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠣᠯᠠᠭ᠎ᠠ ᠶᠢᠨ ᠲᠣᠪᠴᠢᠶ᠎ᠠ᠃ ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ︶ | ︵ᠭᠤᠷᠪᠠ︶ ᠪᠣᠯᠪᠠᠰᠤᠷᠠᠭᠤᠯᠤᠯ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠴᠢᠴᠢᠬᠠᠷ ᠶᠡᠭᠡ ᠰᠤᠷᠭᠠᠭᠤᠯᠢ᠂ ᠵᠠᠯᠠᠨ ᠠᠶᠢᠯ ᠤᠨ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠲᠦᠰᠢᠭᠯᠡᠨ᠂ ᠵᠠᠰᠠᠭ ᠰᠤᠷᠭᠠᠭᠤᠯᠢ ᠠᠵᠤ ᠠᠬᠤᠶᠢᠯᠠᠯ ᠬᠠᠮᠵᠢᠯᠴᠠᠨ ᠬᠠᠮᠲᠤᠪᠠᠷ ᠪᠠᠶᠢᠭᠤᠯᠤᠭᠰᠠᠨ ᠠᠵᠢᠯ | ᠲᠥᠷᠥᠯ ᠤᠨ ᠴᠢᠨᠠᠷᠲᠠᠢ᠂ ᠣᠷᠣᠨ ᠪᠦᠰᠡ ᠶᠢᠨ ᠴᠢᠨᠠᠷᠲᠠᠢ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠬᠥᠮᠦᠵᠢᠯ ᠪᠣᠯᠪᠠᠰᠤᠷᠠᠭᠤᠯᠤᠯ ᠤᠨ ᠬᠤᠯᠪᠣᠭ᠎ᠠ ︵ | ᠪᠦᠯᠦᠭᠯᠡᠯ︶ ᠶᠢ ᠰᠦᠪᠡᠭᠴᠢᠯᠡᠨ ᠪᠠᠶᠢᠭᠤᠯᠵᠤ᠂ ᠠᠵᠢᠯ ᠮᠡᠷᠭᠡᠵᠢᠯ ᠤᠨ ᠪᠠ ᠡᠩ ᠤᠨ ᠪᠠ ᠡᠩ ᠤᠨ ᠠᠵᠢᠯ ᠮᠡᠷᠭᠡᠵᠢᠯ ᠤᠨ ᠠᠭᠤᠰᠤᠯᠴᠠᠯ᠂ ᠠᠵᠤ ᠦᠢᠯᠡᠰ ᠪᠠ | ᠰᠤᠷᠭᠠᠨ ᠬᠥᠮᠦᠵᠢᠯ ᠤᠨ ᠠᠭᠤᠰᠤᠯᠴᠠᠯ᠂ ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠠᠬᠢᠭᠤᠯᠵᠤ᠂ ᠣᠷᠣᠨ ᠪᠦᠰᠡ ᠶᠢᠨ ᠴᠢᠨᠠᠷᠲᠠᠢ | ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠤᠨ᠎ᠠ᠃ ︽ᠰᠤᠷᠤᠯᠭ᠎ᠠ ᠶᠢᠨ ᠨᠠᠮᠲᠠᠷ ᠤᠨ ᠦᠨᠡᠮᠯᠡᠯ + ᠠᠵᠢᠯ | ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ︾ ᠤᠨ ᠠᠵᠢᠯ ᠢ ᠰᠦᠪᠡᠭᠴᠢᠯᠡᠨ ᠥᠷᠨᠢᠭᠦᠯᠵᠦ᠂ ᠵᠠᠯᠠᠨ ᠠᠶᠢᠯ ᠬᠤᠲᠠ ᠶᠢᠨ ᠣᠯᠠᠨ | ᠨᠡᠶᠢᠲᠡ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ 59 ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ | ᠲᠣᠭᠲᠠᠭᠠᠬᠤ ᠬᠢᠷᠢ ᠬᠡᠮ ᠪᠠ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠭᠴᠢ ᠶᠢᠨ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢ ᠮᠠᠭᠠᠳᠯᠠᠨ ᠲᠣᠭᠲᠠᠭᠠᠬᠤ | ᠥᠷᠲᠡᠭᠡ ᠶᠢᠨ ᠳᠠᠪᠠᠭᠤᠯᠢᠭ ᠢ ᠪᠠᠳᠠᠷᠠᠭᠤᠯᠤᠨ᠂ ᠪᠣᠯᠪᠠᠰᠤᠷᠠᠭᠤᠯᠤᠯ ᠪᠠ ᠬᠢᠷᠢ ᠬᠡᠮ ᠢ ᠮᠠᠭᠠᠳᠯᠠᠨ ᠲᠣᠭᠲᠠᠭᠠᠬᠤ ᠬᠡᠪᠴᠢᠶ᠎ᠡ ᠶᠠᠰᠤ ᠴᠢᠨᠠᠷ ᠦᠷ᠎ᠡ ᠪᠦᠲᠦᠮᠵᠢ ᠶᠢ | ᠤᠯᠠᠮ ᠨᠢᠭᠡ ᠠᠯᠬᠤᠮ ᠥᠷᠭᠡᠳᠬᠡᠨ᠎ᠡ᠃ ︽ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ︾ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ | ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠬᠥᠮᠥᠨ ᠤ ᠬᠦᠴᠦᠨ ᠤ ᠡᠬᠢ | ᠪᠠᠶᠠᠯᠢᠭ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠪᠥᠬᠦ ᠬᠤᠲᠠ ᠶᠢᠨ ᠥᠨᠳᠥᠷ ᠪᠠᠷᠢᠮᠵᠢᠶᠠᠲᠤ | ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠠᠬ᠎ᠠ ᠳᠡᠯᠭᠡᠭᠦᠷ ᠤᠨ ᠬᠠᠩᠭᠠᠯᠭ᠎ᠠ | ᠬᠡᠷᠡᠭᠴᠡᠭᠡ ᠶᠢᠨ ᠵᠣᠬᠢᠴᠠᠯᠳᠤᠬᠤ ᠬᠡᠮᠵᠢᠶ᠎ᠡ ᠶᠢ ᠪᠦᠲᠦᠮᠵᠢᠲᠡᠶ ᠬᠥᠮᠥᠨ ᠤ ᠬᠦᠴᠦᠨ ᠤ ᠡᠬᠢ ᠪᠠᠶᠠᠯᠢᠭ ᠤᠨ ᠳᠡᠭᠡᠳᠦ ᠲᠡᠰ ᠳᠠᠪᠬᠤᠷᠭ᠎ᠠ ᠶᠢᠨ ᠠᠵᠤ ᠠᠬᠤᠶᠢᠯᠠᠯ ᠢ | ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠬᠥᠳᠡᠯᠮᠦᠷᠢ ᠬᠦᠴᠦ ᠶᠢ ᠭᠠᠳᠠᠭᠰᠢ ᠭᠠᠷᠭᠠᠬᠤ ᠪᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠨᠡᠩ ᠥᠷᠭᠡᠨ | ᠳᠡᠯᠭᠡᠷ ᠬᠠᠷᠠᠭᠠᠰᠤ ᠪᠠ ᠣᠷᠣᠨ ᠵᠠᠢ ᠬᠠᠩᠭᠠᠨ᠎ᠠ᠃ ︵ ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠃ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠯᠠᠨ ᠠᠶᠢᠯ ᠤᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ︶ | ᠲᠠᠪᠤ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠵᠡᠷᠭᠡ ᠵᠠᠯᠠᠭᠤᠴᠤᠳ ᠤᠨ ᠬᠠᠮᠲᠤᠯᠢᠭ ᠤᠨ ᠠᠵᠢᠯ ᠣᠯᠭᠤᠯᠲᠠ ᠶᠢ ᠦᠷᠭᠦᠯᠵᠢᠯᠡᠨ ᠠᠬᠢᠭᠤᠯᠬᠤ ᠶᠢ | ᠪᠠᠷᠢᠮᠲᠠᠯᠠᠨ᠎ᠠ | ︵ᠨᠢᠭᠡ︶ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢᠨ ᠰᠢᠩᠭᠡᠬᠡᠨ ᠠᠪᠬᠤ ᠦᠢᠯᠡᠳᠦᠯ ᠢ ᠪᠠᠳᠠᠷᠠᠭᠤᠯᠤᠨ᠎ᠠ᠃ ᠠᠯᠪᠠᠳᠠᠨ ᠡᠯᠰᠡᠬᠦ᠂ ᠠᠵᠢᠯ | ᠦᠢᠯᠡᠰ ᠤᠨ ᠨᠢᠭᠡᠴᠢ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠷᠢᠨ ᠬᠡᠷᠡᠭᠯᠡᠬᠦ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠠᠵᠢᠯ | ᠣᠯᠭᠤᠯᠲᠠ ᠶᠢᠨ ᠠᠵᠢᠯ ᠤᠨ ᠪᠠᠶᠢᠷᠢ ᠶᠢᠨ ᠡᠯᠰᠡᠨ ᠬᠡᠷᠡᠭᠯᠡᠬᠦ᠂ ᠦᠨᠳᠦᠰᠦᠨ ᠱᠠᠲᠤᠨ ᠤ ᠠᠵᠢᠯ ᠣᠯᠭᠤᠯᠲᠠ ᠶᠢᠨ ᠵᠦᠢᠯᠡᠰ ᠤᠨ ᠡᠯᠰᠡᠨ ᠴᠤᠭᠯᠠᠭᠤᠯᠬᠤ ᠵᠡᠷᠭᠡ | ᠲᠦᠷᠦ ᠶᠢᠨ ᠪᠣᠳᠣᠯᠭ᠎ᠠ ᠶᠢᠨ ᠴᠢᠨᠠᠷᠲᠠᠢ ᠲᠡᠭᠦᠰᠬᠦ ᠰᠤᠷᠤᠭᠴᠢᠳ ᠤᠨ ᠴᠡᠷᠢᠭ ᠲᠤ ᠡᠯᠰᠡᠭᠳᠡᠬᠦ ᠶᠢ ᠵᠣᠷᠢᠭᠵᠢᠭᠤᠯᠤᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ | ᠨᠢ ᠣᠨ ᠤ ᠤᠷᠢᠨ ᠬᠡᠷᠡᠭᠯᠡᠬᠦ ᠲᠥᠯᠥᠪᠯᠡᠭᠡ ᠳᠡᠭᠡᠨ᠂ ᠭᠤᠣᠯᠳᠠᠯᠭ᠎ᠠ ᠲᠠᠢ ᠪᠠᠷ ᠳᠡᠭᠡᠳᠦ ᠰᠤᠷᠭᠠᠭᠤᠯᠢ ᠲᠡᠭᠦᠰᠦᠭᠰᠡᠳ ᠲᠤ ᠬᠠᠨᠳᠤᠭᠤᠯᠤᠨ ᠬᠠᠨᠳᠤᠯᠭ᠎ᠠ ᠲᠠᠢ ᠪᠠᠷ | ᠤᠷᠢᠨ ᠬᠡᠷᠡᠭᠯᠡᠵᠦ᠂ ᠤᠷᠢᠨ ᠬᠡᠷᠡᠭᠯᠡᠬᠦ ᠠᠯᠪᠠᠨ ᠵᠠᠷ ᠢ ᠬᠠᠮᠲᠤ ᠳᠤᠨᠢ ᠵᠠᠰᠠᠭ ᠤᠨ ᠣᠷᠳᠣᠨ ᠤ ᠠᠯᠪᠠᠨ ᠤ ᠠᠵᠤ ᠠᠬᠤᠶᠢᠯᠠᠯ᠂ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠲᠥᠷᠥᠯ ᠵᠦᠢᠯ᠂ ᠠᠵᠢᠯ ᠦᠢᠯᠡᠰ ᠤᠨ ᠨᠢᠭᠡᠴᠡ ᠳᠤ ᠠᠵᠢᠯ ᠣᠯᠭᠤᠯᠲᠠ ᠶᠢᠨ ᠳᠠᠳᠤᠯᠭ᠎ᠠ ᠬᠢᠨ᠎ᠡ᠃ ︵ ᠲᠦᠷᠦᠭᠦᠯᠡᠨ ᠬᠢᠬᠦ ᠰᠠᠯᠠᠭ᠎ᠠ | ᠮᠥᠴᠢᠷ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠣᠯᠠᠭ᠎ᠠ ᠶᠢᠨ ᠲᠣᠪᠴᠢᠶ᠎ᠠ᠃ ᠬᠠᠷᠢᠭᠤᠴᠠᠯᠭᠠᠲᠤ ᠰᠠᠯᠠᠭ᠎ᠠ ᠮᠥᠴᠢᠷ᠄ | ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠠᠷᠠᠳ ᠤᠨ ᠶᠠᠪᠤᠳᠠᠯ ᠤᠨ ᠲᠣᠪᠴᠢᠶ᠎ᠠ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | ︵ᠬᠤᠶᠠᠷ︶ ᠵᠠᠬ᠎ᠠ ᠳᠡᠯᠭᠡᠭᠦᠷᠴᠢᠯᠡᠭᠰᠡᠨ ᠨᠡᠶᠢᠭᠡᠮᠴᠢᠯᠡᠭᠰᠡᠨ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠨ᠎ᠡ᠃ ᠠᠵᠢᠯ ᠲᠥᠷᠥᠯ ᠤᠨ ᠬᠦᠷᠢᠶ᠎ᠡ | ᠴᠠᠷᠠᠭ᠎ᠠ ᠳᠤ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠶᠢ ᠠᠬᠢᠭᠤᠯᠵᠤ᠂ ᠠᠵᠤ ᠠᠬᠤᠶᠢᠯᠠᠯ ᠤᠨ ᠳᠡᠭᠡᠳᠦ | ᠰᠤᠷᠭᠠᠭᠤᠯᠢ ᠲᠠᠢ ᠵᠣᠯᠭᠠᠭᠤᠯᠤᠨ ︽ᠵᠠᠬᠢᠶᠠᠯᠠᠭ᠎ᠠ ᠶᠢᠨ ᠮᠠᠶ᠋ᠢᠭ︾ ᠤᠨ ᠨᠠᠶᠢᠳᠠᠨ ᠪᠣᠯᠪᠠᠰᠤᠷᠠᠭᠤᠯᠬᠤ ᠠᠵᠢᠯ ᠥᠷᠨᠢᠭᠦᠯᠬᠦ ᠶᠢ ᠵᠣᠷᠢᠭᠵᠢᠭᠤᠯᠵᠤ᠂ ︽ᠬᠡᠷᠡᠭᠴᠡᠭᠡ | ᠶᠣᠰᠣᠭᠠᠷ ᠵᠠᠬᠢᠶᠠᠯᠠᠨ ᠦᠢᠯᠡᠳᠦᠭᠰᠡᠨ︾ ᠪᠣᠯᠪᠠᠰᠤᠷᠠᠭᠤᠯᠤᠯ ᠤᠨ ᠨᠠᠷᠢᠨ ᠬᠠᠭᠤᠳᠠᠰᠤ ᠶᠢ ᠪᠠᠶᠢᠭᠤᠯᠤᠨ᠎ᠠ᠃ ︽ᠨᠢᠭᠡ ᠪᠦᠯᠦᠭ ᠲᠤᠰᠬᠠᠢ ᠮᠡᠷᠭᠡᠵᠢᠯ︾ ᠳᠤ | ᠲᠣᠬᠢᠷᠠᠭᠤᠯᠤᠯᠲᠠ ᠬᠢᠵᠦ᠂ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠶᠢ ᠬᠥᠳᠡᠯᠦᠩᠭᠦᠢ ᠪᠠᠷ ᠲᠣᠬᠢᠷᠠᠭᠤᠯᠬᠤ ᠪᠠᠷ ᠳᠠᠮᠵᠢᠭᠤᠯᠤᠨ᠂ ᠲᠤᠰᠬᠠᠢ ᠮᠡᠷᠭᠡᠵᠢᠯ ᠤᠨ | ᠪᠦᠲᠦᠴᠡ ᠶᠢ ᠰᠢᠯᠢᠳᠡᠭᠵᠢᠭᠦᠯᠵᠦ᠂ ᠲᠤᠰᠬᠠᠢ ᠮᠡᠷᠭᠡᠵᠢᠯ ᠬᠢᠭᠡᠳ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠵᠣᠬᠢᠴᠠᠯᠳᠤᠬᠤ ᠬᠡᠮᠵᠢᠶ᠎ᠡ ᠶᠢ ᠳᠡᠭᠡᠭᠰᠢᠯᠡᠭᠦᠯᠦᠨ | ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠬᠢᠭᠡᠳ ᠣᠷᠣᠨ ᠨᠤᠲᠤᠭ ᠤᠨ ᠠᠵᠤ ᠦᠢᠯᠡᠰ ᠤᠨ ᠬᠥᠭᠵᠢᠯᠲᠡ ᠶᠢᠨ | ᠭᠦᠨᠵᠡᠭᠡᠢ ᠠᠭᠤᠰᠤᠯᠴᠠᠯ ᠢ ᠪᠡᠶᠡᠯᠡᠭᠦᠯᠦᠨ᠎ᠡ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠬᠥᠮᠥᠨ ᠬᠡᠷᠡᠭᠯᠡᠬᠦ ᠨᠢᠭᠡᠴᠢ ᠶᠢ ᠰᠤᠷᠪᠤᠯᠵᠢᠯᠠᠨ ᠵᠣᠯᠭᠠᠭᠤᠯᠬᠤ ᠶᠢ ᠲᠡᠮᠵᠢᠵᠤ᠂ | ᠤᠯᠠᠨ ᠬᠦᠷᠢᠶᠡᠨ ᠳᠠᠬᠢ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠨᠡᠩ ᠤᠯᠠᠨ ᠠᠵᠢᠯ ᠣᠯᠭᠤᠯᠲᠠ ᠶᠢᠨ ᠠᠵᠢᠯ ᠤᠨ | ᠪᠠᠶᠢᠷᠢ ᠶᠢ ᠠᠭᠤᠳᠠᠯᠤᠨ᠎ᠠ᠃ ᠴᠢᠳᠠᠪᠤᠷᠢᠲᠠᠨ ᠢ ᠨᠥᠭᠡᠴᠡᠯᠡᠬᠦ᠂ ᠠᠵᠢᠯ ᠣᠯᠭᠤᠯᠲᠠ ᠶᠢᠨ ᠳᠠᠳᠤᠯᠭ᠎ᠠ᠂ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ | ᠨᠥᠬᠦᠪᠦᠷᠢ ᠶᠢ ᠰᠢᠩᠭᠡᠬᠡᠨ ᠠᠪᠬᠤ ᠵᠡᠷᠭᠡ ᠠᠵᠢᠯ ᠣᠯᠭᠤᠯᠲᠠ ᠶᠢ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢ ᠢᠳᠡᠪᠬᠢᠲᠡᠢ ᠪᠠᠷ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠤᠨ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ ᠵᠡᠷᠭᠡ ᠵᠠᠯᠠᠭᠤ ᠬᠠᠮᠲᠤᠯᠢᠭ ᠢ ᠰᠢᠩᠭᠡᠬᠡᠨ ᠠᠪᠴᠤ ᠠᠵᠢᠯ ᠣᠯᠭᠤᠬᠤ ᠴᠢᠳᠠᠪᠤᠷᠢ ᠪᠠᠨ | ᠨᠡᠮᠡᠭᠳᠡᠭᠦᠯᠬᠦ ᠶᠢ ᠲᠡᠮᠵᠢᠨ ᠵᠣᠷᠢᠭᠵᠢᠭᠤᠯᠤᠨ᠎ᠠ᠃ ᠠᠵᠢᠯ ᠣᠯᠭᠤᠯᠲᠠ ᠶᠢᠨ ᠨᠥᠬᠦᠪᠦᠷᠢ ᠪᠠ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠦᠷᠢ ᠶᠢᠨ ᠲᠦᠷᠦ ᠶᠢᠨ | ᠪᠣᠳᠣᠯᠭ᠎ᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ ᠰᠢᠩᠭᠡᠬᠡᠨ ᠠᠪᠴᠤ᠂ ᠦᠨᠳᠦᠰᠦᠨ ᠱᠠᠲᠤᠨ ᠤ ᠵᠠᠰᠠᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ | ᠬᠡᠷᠡᠭᠴᠡᠭᠡ ᠳᠤ ᠵᠣᠬᠢᠴᠠᠭᠤᠯᠤᠨ᠂ ᠡᠮ ᠡᠮᠨᠡᠯᠭᠡ ᠡᠷᠡᠭᠦᠯ ᠬᠠᠮᠠᠭᠠᠯᠠᠯ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠨᠡᠶᠢᠭᠡᠮ ᠤᠨ ᠠᠵᠢᠯ᠂ ᠬᠠᠤᠯᠢ ᠴᠠᠭᠠᠵᠠ ᠶᠢᠨ | ᠲᠤᠰᠠᠯᠠᠮᠵᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠵᠡᠷᠭᠡ ᠦᠨᠳᠦᠰᠦᠨ ᠱᠠᠲᠤᠨ ᠤ ᠠᠵᠢᠯ ᠣᠯᠭᠤᠯᠲᠠ ᠶᠢᠨ ᠲᠣᠬᠢᠶᠠᠯ ᠢ ᠠᠭᠤᠳᠠᠯᠤᠨ᠎ᠠ᠃ ︵ | ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠣᠯᠠᠭ᠎ᠠ ᠶᠢᠨ ᠲᠣᠪᠴᠢᠶ᠎ᠠ᠃ ᠬᠠᠷᠢᠭᠤᠴᠠᠯᠭᠠᠲᠤ | ᠰᠠᠯᠠᠭ᠎ᠠ ᠮᠥᠴᠢᠷ᠄ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ᠂ ᠡᠪᠯᠡᠯ ᠤᠨ ᠬᠤᠲᠠ ᠶᠢᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠠᠯᠠᠨ ᠠᠶᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ︶ | ︵ᠭᠤᠷᠪᠠ︶ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠮᠡᠷᠭᠡᠵᠢᠯ ᠤᠨ ᠵᠢᠯᠣᠭᠤᠳᠤᠯᠭ᠎ᠠ ᠶᠢ ᠴᠢᠩᠭᠠᠷᠠᠭᠤᠯᠤᠨ᠎ᠠ᠃ ᠰᠤᠷᠭᠠᠭᠤᠯᠢ ᠠᠴᠠ ᠪᠠᠨ | ᠰᠠᠯᠤᠭᠠᠳ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠲᠤ ᠲᠠᠰᠤᠷᠠᠯᠲᠠ ᠦᠭᠡᠢ ᠦᠢᠯᠡᠴᠢᠯᠡᠭᠡ ᠬᠠᠩᠭᠠᠵᠤ᠂ ᠬᠦᠴᠢᠷᠳᠡᠯᠲᠡᠢ ᠲᠡᠭᠦᠰᠦᠭᠰᠡᠳ ᠲᠤ | ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠶᠢ ᠬᠡᠷᠡᠭᠵᠢᠭᠦᠯᠦᠨ᠎ᠡ᠃ ︽ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠤᠰᠬᠠᠢ ᠵᠦᠢᠯ ᠤᠨ | ᠦᠢᠯᠡᠴᠢᠯᠡᠭᠡᠨ︾ ᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠢ ᠰᠤᠷᠭᠠᠭᠤᠯᠢ ᠶᠢᠨ ᠬᠦᠷᠢᠶᠡᠨ ᠳᠤ | ᠣᠷᠣᠭᠤᠯᠬᠤ ᠶᠢ ᠵᠣᠬᠢᠶᠠᠨ ᠪᠠᠶᠢᠭᠤᠯᠤᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠰᠤᠷᠭᠠᠭᠤᠯᠢ ᠶᠢᠨ ᠬᠦᠷᠢᠶᠡᠨ ᠤ ᠤᠷᠢᠨ ᠤᠷᠢᠬᠤ᠂ ᠵᠢᠯᠣᠭᠤᠳᠤᠨ | ᠪᠣᠯᠪᠠᠰᠤᠷᠠᠭᠤᠯᠬᠤ ᠵᠡᠷᠭᠡ ᠠᠵᠢᠯᠯᠠᠭ᠎ᠠ ᠶᠢ ᠥᠷᠨᠢᠭᠦᠯᠦᠨ᠎ᠡ᠃ ᠰᠤᠷᠤᠯᠭ᠎ᠠ ᠲᠡᠭᠦᠰᠬᠦ ᠤᠯᠠᠷᠢᠯ ᠳᠤ ︽ᠢᠷᠡᠭᠡᠳᠦᠢ ᠳᠤ ᠠᠵᠢᠯ ᠣᠯᠭᠤᠬᠤ︾ ᠰᠤᠷᠭᠠᠭᠤᠯᠢ ᠶᠢᠨ | ᠬᠦᠷᠢᠶᠡᠨ ᠤ ᠠᠵᠢᠯᠲᠠᠨ ᠡᠯᠰᠡᠬᠦ ᠠᠵᠢᠯ ᠢ ᠡᠷᠭᠢᠯᠡᠪᠡ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠠᠢ ᠬᠤᠯᠪᠤᠭᠠᠯᠠᠨ ᠣᠶᠤᠲᠠᠳ ᠤᠨ ᠠᠵᠢᠯ ᠮᠡᠷᠭᠡᠵᠢᠯ ᠤᠨ | ᠠᠮᠢᠳᠤᠷᠠᠯ ᠤᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢ ᠥᠷᠨᠢᠭᠦᠯᠵᠦ᠂ ᠵᠠᠰᠠᠭ ᠤᠨ ᠶᠠᠪᠤᠳᠠᠯ ᠤᠨ ᠳᠠᠳᠤᠯᠭ᠎ᠠ᠂ ᠠᠵᠤ ᠠᠬᠤᠶᠢᠯᠠᠯ ᠤᠨ ᠳᠠᠳᠤᠯᠭ᠎ᠠ᠂ | ᠨᠡᠶᠢᠲᠡ ᠶᠢᠨ ᠠᠰᠠᠷᠠᠮᠵᠢ ᠶᠢᠨ ᠦᠢᠯᠡᠳᠦᠯᠭᠡ ᠵᠡᠷᠭᠡ ᠠᠵᠢᠯᠯᠠᠭ᠎ᠠ ᠶᠢ ᠦᠷᠨᠢᠭᠦᠯᠦᠨ᠎ᠡ᠃ ︵ ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠲᠠ ᠶᠢᠨ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠣᠯᠠᠭ᠎ᠠ ᠶᠢᠨ ᠲᠣᠪᠴᠢᠶ᠎ᠠ᠃ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠰᠤᠷᠭᠠᠨ ᠬᠥᠮᠦᠵᠢᠯ ᠤᠨ | ᠲᠣᠪᠴᠢᠶ᠎ᠠ᠂ ᠬᠤᠲᠠ ᠶᠢᠨ ᠡᠪᠯᠡᠯ ᠤᠨ ᠬᠤᠷᠢᠶ᠎ᠠ᠂ ᠵᠠᠯᠠᠨ ᠠᠶᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ︶ | ᠵᠢᠷᠭᠤᠭ᠎ᠠ᠂ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠦᠷᠭᠦᠯᠵᠢᠯᠡᠨ ᠠᠬᠢᠭᠤᠯᠬᠤ ᠶᠢ ᠪᠠᠷᠢᠮᠲᠠᠯᠠᠨ᠎ᠠ | ︵ᠨᠢᠭᠡ︶ ᠵᠣᠬᠢᠶᠠᠨ ᠪᠠᠶᠢᠭᠤᠯᠤᠯᠲᠠ ᠲᠠᠢ ᠪᠠᠷ ᠬᠥᠳᠡᠯᠮᠦᠷᠢ ᠬᠦᠴᠦᠨ ᠤ ᠭᠠᠷᠭᠠᠯᠭ᠎ᠠ ᠶᠢ ᠦᠷᠭᠦᠯᠵᠢᠯᠡᠨ ᠠᠬᠢᠭᠤᠯᠤᠨ᠎ᠠ᠃ ᠭᠠᠳᠠᠭᠰᠢ ᠭᠠᠷᠴᠤ ᠠᠵᠢᠯ ᠣᠯᠬᠤ | ᠪᠠ ᠲᠤᠬᠠᠢ ᠶᠢᠨ ᠭᠠᠵᠠᠷ ᠣᠶᠢᠷ᠎ᠠ ᠬᠠᠪᠢ ᠳᠠᠭᠠᠨ ᠠᠵᠢᠯ ᠣᠯᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠪᠡᠭᠡᠵᠢᠩ᠂ ᠵᠧᠵᠢᠶᠠᠩ᠂ ᠵᠢᠶᠠᠩᠰᠤ ᠵᠡᠷᠭᠡ | ᠭᠠᠵᠠᠷ ᠲᠠᠢ ᠵᠣᠯᠭᠠᠭᠤᠯᠬᠤ ᠶᠢ ᠴᠢᠩᠭᠠᠳᠬᠠᠵᠤ᠂ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢ ᠢᠳᠡᠪᠬᠢᠲᠡᠢ ᠥᠷᠨᠢᠭᠦᠯᠵᠦ᠂ ᠵᠣᠬᠢᠶᠠᠨ ᠪᠠᠶᠢᠭᠤᠯᠤᠯᠲᠠ ᠲᠠᠢ ᠪᠠᠷ | ᠬᠥᠳᠡᠯᠮᠦᠷᠢ ᠦᠢᠯᠡᠴᠢᠯᠡᠭᠡᠨ ᠤ ᠭᠠᠷᠭᠠᠯᠭ᠎ᠠ ᠶᠢᠨ ︽ᠴᠠᠯᠢᠩ ᠢ ᠨᠡᠮᠡᠭᠳᠡᠭᠦᠯᠬᠦ ᠠᠵᠢᠯᠯᠠᠭ᠎ᠠ︾ ᠶᠢ ᠬᠡᠷᠡᠭᠵᠢᠭᠦᠯᠦᠨ᠎ᠡ᠃ ᠠᠷᠰᠠᠷ ᠠᠵᠢᠯ ᠤᠨ ᠵᠠᠬ᠎ᠠ ᠳᠡᠯᠭᠡᠭᠦᠷ ᠤᠨ ᠡᠯ᠎ᠡ | ᠰᠢᠶᠠᠩ ᠪᠠᠯᠭᠠᠰᠤᠨ ᠳᠤ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠬᠤ ᠥᠷᠲᠡᠭᠡ ︵ ᠴᠡᠭ︶ ᠪᠠᠶᠢᠭᠤᠯᠬᠤ ᠶᠢ ᠳᠡᠮᠵᠢᠵᠦ᠂ ᠨᠢᠭᠡ ᠪᠦᠯᠦᠭ ᠠᠵᠢᠯ ᠣᠯᠵᠤ ᠠᠳᠠᠯ | ᠦᠢᠯᠡᠰ ᠴᠣᠭᠴᠠᠯᠠᠬᠤ ︽ᠳᠠᠭᠠᠭᠤᠯᠤᠭᠴᠢ ᠴᠢᠳᠠᠪᠤᠷᠢᠲᠠᠨ︾ ᠢ ᠪᠣᠶᠢᠵᠢᠭᠤᠯᠤᠨ᠎ᠠ᠃ ︽ᠵᠠᠯᠠᠨ ᠠᠶᠢᠯ ᠤᠨ ᠭᠠᠩᠨᠠᠭᠤᠷᠴᠢᠨ︾ ᠤ ᠥᠪᠡᠷᠲᠡᠭᠡᠨ ᠵᠠᠰᠠᠬᠤ ᠣᠷᠣᠨ ᠤ | ᠲᠠᠰ ᠤᠨ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠬᠥᠭᠵᠢᠭᠦᠯᠦᠨ ᠪᠤᠵᠠᠭᠠᠶᠢᠷᠠᠭᠤᠯᠵᠤ᠂ ᠬᠥᠳᠡᠯᠮᠦᠷᠢ ᠦᠢᠯᠡᠴᠢᠯᠡᠭᠡᠨ ᠤ ᠭᠠᠷᠭᠠᠯᠭ᠎ᠠ ᠪᠠᠷ | ᠤᠳᠤᠷᠢᠳᠤᠮᠵᠢ ᠪᠣᠯᠭᠠᠵᠤ᠂ ᠣᠷᠣᠨ ᠪᠦᠰᠡ ᠶᠢᠨ ᠣᠨᠴᠠᠯᠢᠭ᠂ ᠮᠡᠷᠭᠡᠵᠢᠯ ᠴᠢᠳᠠᠪᠤᠷᠢ ᠶᠢᠨ ᠣᠨᠴᠠᠯᠢᠭ᠂ ᠠᠵᠢᠯ ᠲᠥᠷᠥᠯ ᠤᠨ ᠣᠨᠴᠠᠯᠢᠭ ᠲᠠᠢ ᠤᠶᠠᠯᠳᠤᠭᠤᠯᠤᠨ᠂ | ᠬᠥᠳᠡᠯᠮᠦᠷᠢ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠬᠥᠳᠡᠯᠮᠦᠷᠢ ᠦᠢᠯᠡᠴᠢᠯᠡᠭᠡᠨ ᠤ ᠨᠠᠷᠠᠲᠤ | ᠲᠥᠷᠥᠯ ᠲᠡᠮᠳᠡᠭᠲᠦ ᠶᠢᠨ ᠬᠥᠲᠥᠴᠢ ᠠᠵᠤ ᠠᠬᠤᠶᠢᠯᠠᠯ ᠢ ᠰᠦᠪᠡᠭᠴᠢᠯᠡᠨ ᠪᠣᠶᠢᠵᠢᠭᠤᠯᠵᠤ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠠᠵᠢᠯ ᠣᠯᠵᠤ | ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠂ ᠵᠣᠬᠢᠶᠠᠨ ᠪᠠᠶᠢᠭᠤᠯᠤᠯᠴᠠᠭᠰᠠᠨ ᠭᠠᠷᠭᠠᠯᠭ᠎ᠠ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ ᠲᠦᠷᠦᠭᠦᠯᠡᠨ ᠬᠢᠬᠦ | ᠰᠠᠯᠠᠭ᠎ᠠ ᠮᠥᠴᠢᠷ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠲᠣᠪᠴᠢᠶ᠎ᠠ᠃ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ︶ | ︵ᠬᠤᠶᠠᠷ︶ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠤ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠶᠢ ᠦᠷᠭᠦᠯᠵᠢᠯᠡᠨ ᠥᠷᠨᠢᠭᠦᠯᠦᠨ᠎ᠡ᠃ | ᠪᠥᠬᠦ ᠤᠯᠤᠰ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠲᠦᠰᠢᠭᠯᠡᠨ᠂ ᠶᠠᠳᠠᠭᠤ ᠠᠴᠠ | ᠠᠩᠭᠢᠵᠢᠷᠠᠭᠤᠯᠤᠭᠰᠠᠨ ᠲᠣᠭᠲᠠᠭᠤᠨ ᠪᠤᠰᠤ ᠡᠷᠦᠬᠡ᠂ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠡᠷᠦᠬᠡ ᠵᠡᠷᠭᠡ ᠭᠤᠣᠯᠳᠠᠯᠭ᠎ᠠ ᠲᠠᠢ ᠬᠠᠮᠲᠤᠯᠢᠭ ᠲᠤ | ᠪᠠᠶᠢᠩᠭᠤ ᠶᠢᠨ ᠬᠢᠨᠠᠨ ᠬᠡᠮᠵᠢᠯᠲᠡ ᠬᠢᠵᠦ᠂ ᠬᠠᠪᠰᠤᠷᠤᠨ ᠲᠡᠳᠬᠦᠬᠦ ᠡᠬᠡ ᠲᠠᠩᠰᠠ ᠪᠠᠶᠢᠭᠤᠯᠤᠨ᠂ ᠬᠠᠨᠳᠤᠯᠭᠠᠲᠤ ᠴᠢᠨᠠᠷᠲᠠᠢ ᠠᠵᠢᠯ ᠣᠯᠭᠤᠯᠲᠠ ᠶᠢᠨ | ᠦᠢᠯᠡᠴᠢᠯᠡᠭᠡ ᠶᠢ ᠴᠠᠭ ᠲᠤᠬᠠᠢ ᠳᠤᠨᠢ ᠥᠷᠨᠢᠭᠦᠯᠦᠨ᠎ᠡ᠃ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢ ᠤᠷᠢᠳ ᠢᠶᠠᠷ ᠪᠠᠲᠤᠯᠠᠬᠤ ᠡᠲᠡᠭᠡᠳ ᠪᠣᠯᠭᠠᠵᠤ᠂ | ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢ ᠣᠶᠢᠷ᠎ᠠ ᠬᠠᠪᠢ ᠳᠤᠨᠢ ᠤᠷᠢᠳ ᠢᠶᠠᠷ ᠦᠯᠡᠳᠡᠭᠡᠨ | ᠬᠡᠷᠡᠭᠯᠡᠭᠦᠯᠵᠦ᠂ ᠠᠵᠢᠯ ᠠᠯᠳᠠᠭᠰᠠᠨ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠳᠤ ᠠᠵᠢᠯ ᠤᠨ ᠪᠠᠶᠢᠷᠢ ᠰᠣᠯᠢᠬᠤ ᠦᠢᠯᠡᠴᠢᠯᠡᠭᠡ ᠶᠢ ᠤᠷᠢᠳ ᠢᠶᠠᠷ ᠬᠠᠩᠭᠠᠨ᠎ᠠ᠃ | ᠲᠣᠭᠲᠠᠭᠠᠯ ᠳᠤ ᠨᠡᠶᠢᠴᠡᠬᠦ ᠭᠠᠳᠠᠭᠰᠢ ᠭᠠᠷᠴᠤ ᠠᠵᠢᠯ ᠬᠢᠵᠦ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠳᠤ ᠲᠣᠭᠲᠠᠭᠠᠯ ᠶᠣᠰᠣᠭᠠᠷ ᠨᠢᠭᠡ | ᠣᠳᠠᠭᠠᠨ ᠤ ᠴᠢᠨᠠᠷᠲᠠᠢ ᠵᠠᠮ ᠬᠠᠷᠢᠯᠴᠠᠭᠠᠨ ᠤ ᠨᠥᠬᠦᠪᠦᠷᠢ ᠣᠯᠭᠤᠨ᠎ᠠ᠃ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠤᠨ | ᠮᠠᠭᠠᠳᠯᠠᠨ ᠲᠣᠭᠲᠠᠭᠠᠬᠤ ᠬᠡᠪᠴᠢᠶ᠎ᠡ ᠶᠢ ᠥᠷᠭᠡᠳᠬᠡᠬᠦ ᠶᠢ ᠢᠳᠡᠪᠬᠢᠲᠡᠢ ᠲᠦᠯᠬᠢᠨ ᠠᠬᠢᠭᠤᠯᠤᠨ᠎ᠠ᠃ ︵ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠲᠠ ᠶᠢᠨ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠃ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠣᠯᠠᠭ᠎ᠠ ᠶᠢᠨ ᠲᠣᠪᠴᠢᠶ᠎ᠠ︶ | ︵ᠭᠤᠷᠪᠠ︶ ᠪᠤᠰᠤᠳ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢᠨ ᠳᠡᠮᠵᠢᠯᠭᠡ ᠶᠢ ᠴᠢᠩᠭᠠᠳᠬᠠᠨ᠎ᠠ᠃ ᠴᠡᠷᠢᠭ ᠤᠨ ᠠᠯᠪᠠᠨ ᠠᠴᠠ | ᠪᠠᠭᠤᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠳᠡᠮᠵᠢᠬᠦ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠴᠡᠷᠢᠭ ᠤᠨ ᠠᠯᠪᠠᠨ ᠠᠴᠠ | ᠪᠠᠭᠤᠭᠰᠠᠳ ᠤᠨ ᠤᠷᠢᠳ ᠢᠶᠠᠷ ᠭᠦᠢᠴᠡᠳᠬᠡᠬᠦ ︽ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠵᠦ᠂ ᠠᠵᠢᠯ ᠣᠯᠭᠤᠯᠲᠠ ᠶᠢᠨ ᠬᠠᠪᠰᠤᠷᠤᠯᠭ᠎ᠠ ᠪᠠ ᠲᠤᠰᠠᠯᠠᠮᠵᠢ ᠶᠢ | ᠨᠠᠷᠢᠯᠢᠭ ᠣᠨᠣᠴᠠᠲᠠᠢ ᠪᠠᠷ ᠬᠠᠩᠭᠠᠨ᠎ᠠ᠃ ᠡᠮᠡᠭᠲᠡᠶᠢᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠲᠦᠷᠦ ᠶᠢᠨ ᠪᠣᠳᠣᠯᠭ᠎ᠠ ᠶᠢ ᠦᠷᠭᠦᠯᠵᠢᠯᠡᠨ | ᠰᠢᠯᠢᠳᠡᠭᠵᠢᠭᠦᠯᠵᠦ᠂ ᠡᠮᠡᠭᠲᠡᠶᠢᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠤᠨ ᠲᠡᠮᠵᠢᠨ᠎ᠠ᠃ ᠵᠡᠮᠳᠡᠭᠴᠦᠳ ᠤᠨ ᠠᠵᠢᠯ ᠣᠯᠵᠤ ᠠᠳᠠᠯ | ᠦᠢᠯᠡᠰ ᠴᠣᠭᠴᠠᠯᠠᠬᠤ ᠶᠢ ᠬᠠᠪᠰᠤᠷᠤᠨ ᠲᠡᠳᠬᠦᠬᠦ ᠠᠵᠢᠯ ᠢ ᠴᠢᠩᠭᠠᠳᠬᠠᠵᠤ᠂ ᠵᠡᠮᠳᠡᠭᠴᠦᠳ ᠤᠨ ᠲᠤᠰᠠᠯᠠᠬᠤ ᠴᠢᠨᠠᠷᠲᠠᠢ ᠠᠵᠢᠯ ᠣᠯᠭᠤᠯᠲᠠ ᠶᠢ ᠬᠥᠭᠵᠢᠭᠦᠯᠵᠦ᠂ | ᠨᠡᠩ ᠤᠯᠠᠨ ᠵᠡᠮᠳᠡᠭᠴᠦᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠨᠥᠯᠥᠭᠡᠯᠡᠨ ᠲᠠᠶᠢᠴᠢᠯᠠᠨ᠎ᠠ᠃ ᠬᠤᠣᠷ ᠲᠠᠲᠠᠬᠤ ᠶᠢ ᠵᠣᠭᠰᠣᠭᠠᠵᠤ ᠡᠷᠡᠭᠦᠯᠵᠢᠭᠦᠯᠬᠦ | ᠬᠥᠮᠥᠰ᠂ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠥᠰ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠵᠡᠷᠭᠡ ᠣᠨᠴᠠᠭᠠᠢ | ᠬᠠᠮᠲᠤᠯᠢᠭ ᠲᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ ᠠᠵᠢᠯ ᠮᠡᠷᠭᠡᠵᠢᠯ ᠤᠨ ᠲᠠᠨᠢᠯᠴᠠᠭᠤᠯᠭ᠎ᠠ᠂ ᠠᠵᠢᠯ ᠮᠡᠷᠭᠡᠵᠢᠯ ᠤᠨ ᠵᠢᠯᠣᠭᠤᠳᠤᠯᠭ᠎ᠠ᠂ ᠠᠵᠢᠯ ᠮᠡᠷᠭᠡᠵᠢᠯ ᠤᠨ | ᠪᠣᠯᠪᠠᠰᠤᠷᠠᠭᠤᠯᠤᠯ ᠵᠡᠷᠭᠡ ᠦᠢᠯᠡᠴᠢᠯᠡᠭᠡ ᠶᠢ ᠲᠥᠷᠥᠯ ᠬᠤᠪᠢᠶᠠᠨ ᠬᠠᠩᠭᠠᠨ᠎ᠠ᠃ ᠠᠵᠢᠯ ᠣᠯᠬᠤ ᠳᠤ ᠬᠦᠴᠢᠷᠲᠡᠢ ᠬᠥᠮᠥᠰ ᠲᠤ ᠲᠣᠭᠲᠠᠭᠠᠯ ᠶᠣᠰᠣᠭᠠᠷ ᠠᠵᠢᠯ | ᠣᠯᠭᠤᠯᠲᠠ ᠶᠢᠨ ᠨᠠᠷᠢᠯᠢᠭ ᠣᠨᠣᠴᠠᠲᠠᠢ ᠪᠠᠷ ᠲᠤᠰᠠᠯᠠᠮᠵᠢ ᠬᠠᠩᠭᠠᠨ᠎ᠠ᠃ ᠨᠥᠬᠦᠴᠡᠯ ᠳᠤ ᠨᠡᠶᠢᠴᠡᠬᠦ ᠠᠵᠢᠯ ᠠᠯᠳᠠᠭᠰᠠᠳ ᠲᠤ ᠠᠵᠢᠯ ᠠᠯᠳᠠᠭᠰᠠᠳ ᠤᠨ ᠳᠠᠭᠠᠳᠬᠠᠯ ᠤᠨ | ᠮᠥᠩᠭᠦ ᠣᠯᠭᠤᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠲᠠᠷᠢᠶᠠᠴᠢᠨ ᠬᠦᠴᠦ ᠶᠠᠪᠤᠭᠰᠠᠳ ᠢ ᠬᠥᠲᠥᠯᠥᠨ ᠵᠢᠯᠤᠭᠤᠳᠴᠤ ᠪᠠᠶᠢᠭᠠᠳ ᠪᠡᠯᠡ ᠮᠥᠩᠭᠦ᠂ ᠲᠥᠷᠥᠯ | ᠵᠦᠢᠯ᠂ ᠮᠡᠷᠭᠡᠵᠢᠯ ᠢᠶᠠᠨ ᠳᠠᠭᠠᠭᠤᠯᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠭᠤᠯᠬᠤ ᠬᠡᠷᠡᠭᠲᠡᠢ᠃ ︵ᠲᠦᠷᠦᠭᠦᠯᠡᠨ ᠬᠢᠬᠦ ᠰᠠᠯᠠᠭ᠎ᠠ ᠮᠥᠴᠢᠷ᠄ | ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠣᠯᠠᠭ᠎ᠠ ᠶᠢᠨ ᠲᠣᠪᠴᠢᠶ᠎ᠠ᠃ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ | ᠬᠠᠤᠯᠢ ᠴᠠᠭᠠᠵᠠ ᠶᠢᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ | ᠠᠷᠠᠳ ᠤᠨ ᠶᠠᠪᠤᠳᠠᠯ ᠤᠨ ᠲᠣᠪᠴᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠵᠠᠯᠠᠨ ᠠᠶᠢᠯ ᠤᠨ ᠭᠢᠨᠳᠠᠨ︶ | ︵ᠳᠥᠷᠪᠡ︶ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠦᠨᠳᠦᠰᠦᠨ ᠵᠦᠢᠯ ᠢ ᠪᠠᠲᠤᠯᠠᠬᠤ ᠦᠢᠯᠡᠳᠦᠯ ᠢ ᠪᠠᠳᠠᠷᠠᠭᠤᠯᠤᠨ᠎ᠠ᠃ ︽ᠬᠡᠨ | ᠬᠥᠮᠥᠨ ᠬᠡᠷᠡᠭᠯᠡᠪᠡᠯ ᠲᠡᠷᠡ ᠬᠠᠷᠢᠭᠤᠴᠠᠵᠤ᠂ ᠲᠡᠷᠡ ᠬᠠᠮᠢᠶᠠᠷᠬᠤ︾ ᠵᠠᠷᠴᠢᠮ ᠤᠨ ᠶᠣᠰᠣᠭᠠᠷ᠂ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠠᠵᠢᠯ ᠤᠨ ᠪᠠᠶᠢᠷᠢ ᠶᠢᠨ ᠨᠡᠭᠡᠭᠡᠯᠲᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠬᠡᠪᠴᠢᠶ᠎ᠡ ᠶᠢ | ᠶᠡᠷᠦᠩᠬᠡᠢ ᠳᠤᠨᠢ ᠲᠣᠭᠲᠠᠭᠤᠨ ᠪᠠᠶᠢᠯᠭᠠᠬᠤ᠂ ᠨᠥᠬᠦᠪᠦᠷᠢ ᠶᠢ ᠴᠠᠭ ᠲᠤᠬᠠᠢ ᠳᠤᠨᠢ ᠣᠯᠭᠤᠬᠤ ᠶᠢ ᠦᠨᠡᠨᠬᠦ ᠪᠠᠲᠤᠯᠠᠨ᠎ᠠ᠃ ᠬᠠᠮᠢᠶᠠᠷᠤᠯᠲᠠ ᠶᠢᠨ ᠳᠦᠷᠢᠮ ᠢ ᠤᠯᠠᠮ | ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠳᠤ ᠭᠠᠷᠬᠤ ᠶᠢ ᠰᠢᠯᠭᠠᠬᠤ ᠬᠠᠮᠢᠶᠠᠷᠤᠯᠲᠠ ᠶᠢ ᠴᠢᠩᠭᠠᠳᠬᠠᠨ᠂ ᠠᠵᠢᠯ ᠤᠨ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠵᠢᠴᠢ ᠬᠥᠮᠥᠨ ᠪᠠ ᠠᠵᠢᠯ ᠤᠨ ᠪᠠᠶᠢᠷᠢ ᠶᠢ ᠰᠠᠯᠭᠠᠬᠤ ᠶᠢ ᠴᠢᠩᠭ᠎ᠠ ᠴᠠᠭᠠᠵᠠᠯᠠᠨ᠎ᠠ᠃ ︵ | ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠣᠯᠠᠭ᠎ᠠ ᠶᠢᠨ ᠲᠣᠪᠴᠢᠶ᠎ᠠ᠃ ᠬᠠᠷᠢᠭᠤᠴᠠᠯᠭᠠᠲᠤ | ᠨᠢᠭᠡᠴᠡ᠄ ᠬᠤᠲᠠ ᠶᠢᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠠᠮᠢᠶ᠎ᠠ ᠪᠦᠬᠦᠢ ᠬᠥᠮᠥᠨ ᠬᠡᠷᠡᠭᠯᠡᠬᠦ ᠨᠢᠭᠡᠴᠡ︶ | | ᠲᠤᠯᠤᠭ᠎ᠠ᠂ ᠠᠵᠢᠯ ᠣᠯᠭᠤᠬᠤ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠬᠦ ᠶᠢ ᠪᠠᠷᠢᠮᠲᠠᠯᠠᠨ᠋ᠠ | ︵ᠨᠢᠭᠡ︶ ᠠᠵᠢᠯ ᠣᠯᠭᠤᠬᠤ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠦᠨᠳᠦᠰᠦᠨ ᠱᠠᠲᠤᠨ ᠤ ᠠᠵᠢᠯ | ᠣᠯᠭᠤᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡ ᠶᠢ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠤᠭᠰᠠᠨ ᠦᠨᠳᠦᠰᠦᠨ ᠱᠠᠲᠤᠨ ᠤ ᠵᠠᠰᠠᠯᠲᠠ ᠶᠢᠨ | ᠬᠡᠪᠴᠢᠶᠡᠨ ᠳᠤ ᠠᠭᠤᠰᠬᠠᠨ ᠣᠷᠣᠭᠤᠯᠵᠤ᠂ ᠨᠡᠶᠢᠭᠡᠮ ᠲᠣᠭᠤᠷᠢᠭ ᠤᠨ ᠨᠠᠮ ᠪᠠ ᠤᠯᠠᠨ ᠲᠦᠮᠡᠨ ᠤ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ | ᠥᠷᠨᠢᠭᠦᠯᠵᠦ᠂ ᠠᠵᠢᠯ ᠣᠯᠭᠤᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡ ᠶᠢ ᠦᠨᠳᠦᠰᠦᠨ ᠱᠠᠲᠤ ᠲᠡᠶᠢᠰᠢ ᠥᠷᠭᠡᠳᠬᠡᠬᠦ ᠶᠢ ᠲᠦᠯᠬᠢᠨ ᠠᠬᠢᠭᠤᠯᠤᠨ᠎ᠠ᠃ ᠠᠵᠢᠯ | ᠣᠯᠭᠤᠬᠤ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠦᠨᠳᠦᠰᠦᠨ ᠱᠠᠲᠤᠨ ᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠦᠢᠯᠡᠴᠢᠯᠡᠭᠡᠨ ᠤ | ᠵᠦᠢᠯᠡᠰ ᠲᠤ ᠣᠷᠣᠭᠤᠯᠵᠤ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠵᠦᠢᠯᠡᠰ ᠤᠨ ᠨᠠᠷᠢᠨ | ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠦᠢᠯᠡᠴᠢᠯᠡᠭᠡᠨ ᠤ ᠬᠠᠷᠢᠭᠤᠴᠠᠯᠭ᠎ᠠ ᠶᠢ ᠲᠣᠳᠣᠷᠬᠠᠶᠢᠯᠠᠨ᠂ ᠦᠢᠯᠡᠴᠢᠯᠡᠭᠡᠨ ᠤ ᠵᠦᠢᠯᠡᠰ ᠢ ᠰᠢᠶᠠᠩ ᠪᠠᠯᠭᠠᠰᠤ᠂ ᠵᠡᠭᠡᠯᠢ | ᠭᠤᠳᠤᠮᠵᠢ ᠶᠢᠨ ᠦᠨᠳᠦᠰᠦᠨ ᠱᠠᠲᠤᠨ ᠤ ᠠᠵᠢᠯ ᠣᠯᠭᠤᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ | ᠠᠵᠢᠯ ᠣᠯᠭᠤᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠡᠩᠨᠡᠭᠡ ᠶᠢ ᠲᠡᠭᠦᠯᠳᠡᠷᠵᠢᠭᠦᠯᠦᠨ᠂ ᠦᠨᠳᠦᠰᠦᠨ ᠱᠠᠲᠤᠨ ᠤ ᠠᠵᠢᠯ ᠣᠯᠭᠤᠯᠲᠠ ᠶᠢᠨ | ᠦᠢᠯᠡᠴᠢᠯᠡᠭᠡᠨ ᠤ ᠭᠠᠷᠳᠠᠨ ᠬᠢᠬᠦ ᠬᠦᠴᠦᠨ ᠢ ᠭᠦᠢᠴᠡᠳ ᠪᠥᠭᠡᠳ ᠴᠢᠩᠭ᠎ᠠ ᠲᠣᠬᠢᠷᠠᠭᠤᠯᠵᠤ᠂ ᠲᠣᠰᠬᠤᠨ ︵ᠨᠡᠶᠢᠭᠡᠮ ᠲᠣᠭᠤᠷᠢᠭ︶ ᠨᠢᠭᠡᠪᠦᠷᠢ ᠳᠤ 1 ᠭᠡᠰᠢᠭᠦᠨ ᠢᠶᠠᠷ | ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯ ᠢ ᠬᠠᠷᠢᠭᠤᠴᠠᠭᠤᠯᠬᠤ ᠪᠠᠷ ᠲᠣᠳᠣᠷᠬᠠᠶᠢᠯᠠᠵᠤ᠂ ᠭᠠᠷᠳᠠᠨ ᠬᠢᠬᠦ ᠬᠦᠴᠦᠨ ᠢᠶᠠᠷ ᠪᠠᠭᠤᠷᠠᠢ ᠪᠠᠶᠢᠭ᠎ᠠ ᠭᠠᠵᠠᠷ | ᠣᠷᠣᠨ ᠳᠤ ᠪᠣᠳᠠᠲᠤ ᠪᠠᠶᠢᠳᠠᠯ ᠢᠶᠠᠨ ᠦᠨᠳᠦᠰᠦᠯᠡᠨ ᠬᠡᠷᠡᠭᠴᠡᠭᠡ ᠪᠠᠨ ᠦᠨᠳᠦᠰᠦᠯᠡᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ | ᠬᠥᠭᠵᠢᠭᠦᠯᠵᠦ ᠪᠣᠯᠣᠨ᠎ᠠ᠃ ᠠᠵᠢᠯ ᠣᠯᠭᠤᠯᠲᠠ ᠶᠢᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠷᠠᠭᠤᠯᠵᠤ᠂ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ | ᠠᠷᠰᠠᠷ ᠠᠵᠢᠯ ᠤᠨ ᠵᠠᠬ᠎ᠠ ᠳᠡᠯᠭᠡᠭᠦᠷ ᠤᠨ ᠵᠢᠷᠤᠮᠵᠢᠭᠰᠠᠨ ᠠᠵᠢᠯᠯᠠᠭᠠᠨ ᠢ ᠲᠡᠭᠦᠯᠳᠡᠷᠵᠢᠭᠦᠯᠦᠨ᠂ ᠠᠵᠢᠯᠲᠠᠨ ᠡᠯᠰᠡᠬᠦ ᠮᠡᠳᠡᠭᠡ ᠵᠠᠩᠭᠢ ᠶᠢ ᠴᠤᠭᠯᠠᠭᠤᠯᠤᠨ ᠨᠡᠶᠢᠲᠡᠯᠡᠬᠦ | ᠠᠷᠭ᠎ᠠ ᠵᠠᠮ ᠢ ᠥᠷᠭᠡᠳᠬᠡᠵᠦ᠂ ᠵᠠᠬ᠎ᠠ ᠳᠡᠯᠭᠡᠭᠦᠷ ᠢ ᠵᠣᠯᠭᠠᠭᠤᠯᠤᠨ ᠲᠣᠬᠢᠷᠠᠭᠤᠯᠬᠤ ᠶᠢ ᠠᠬᠢᠭᠤᠯᠤᠨ᠂ ︽ᠨᠢᠭᠡ ᠮᠥᠴᠡ︾ ᠶᠢᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠲᠣᠭᠤᠷᠢᠭ + ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠢ ᠠᠭᠤᠰᠤᠯᠴᠠᠭᠤᠯᠤᠨ ᠪᠠᠶᠢᠭᠤᠯᠵᠤ᠂ ᠣᠯᠠᠨ ᠲᠦᠮᠡᠨ ᠳᠤ ︽ | ᠭᠡᠷ ᠤᠨ ᠡᠭᠦᠳᠡ︾ ᠶᠢᠨ ᠦᠢᠯᠡᠴᠢᠯᠡᠭᠡ ᠶᠢ ᠡᠳ᠋ᠯᠡᠭᠦᠯᠦᠨ᠎ᠡ᠃ ︵ ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠲᠠ ᠶᠢᠨ ᠨᠠᠮ ᠤᠨ ᠬᠤᠷᠢᠶ᠎ᠠ ᠶᠢᠨ ᠨᠡᠶᠢᠭᠡᠮ ᠤᠨ | ᠠᠵᠢᠯ ᠤᠨ ᠶᠠᠮᠤᠨ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠣᠯᠠᠭ᠎ᠠ ᠶᠢᠨ ᠲᠣᠪᠴᠢᠶ᠎ᠠ᠃ ᠬᠠᠷᠢᠭᠤᠴᠠᠯᠭᠠᠲᠤ ᠰᠠᠯᠠᠭ᠎ᠠ ᠮᠥᠴᠢᠷ᠄ | ᠬᠤᠲᠠ ᠶᠢᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠣᠷᠣᠨ | ᠲᠤᠭ᠎ᠠ ᠶᠢᠨ ᠠᠯᠪᠠᠨ ᠭᠡᠷ︶ | ︵ᠬᠤᠶᠠᠷ︶ ᠪᠥᠬᠦ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠪᠥᠬᠦ ᠬᠦᠷᠢᠶ᠎ᠡ ᠪᠥᠬᠦ ᠬᠦᠴᠦᠨ ᠵᠦᠢᠯ ᠤᠨ ᠵᠢᠭᠰᠠᠭᠠᠨ ᠪᠠᠶᠢᠴᠠᠭᠠᠯᠲᠠ ᠶᠢ | ᠥᠷᠨᠢᠭᠦᠯᠦᠨ᠎ᠡ᠃ ᠠᠵᠢᠯ ᠲᠦᠷᠦᠯ ᠤᠨ ᠬᠡᠷᠡᠭᠴᠡᠭᠡ᠂ ᠴᠢᠳᠠᠪᠤᠷᠢᠲᠠᠨ ᠤ ᠳᠤᠲᠠᠭᠤᠳᠠᠯ ᠢ ᠨᠠᠷᠢᠯᠢᠭ ᠣᠨᠣᠴᠠᠲᠠᠢ ᠪᠠᠷ ᠡᠵᠡᠮᠰᠢᠨ᠎ᠡ᠃ ᠬᠥᠳᠡᠭᠡ ᠲᠣᠰᠬᠤᠨ ᠤ | ᠴᠢᠳᠠᠪᠤᠷᠢᠲᠠᠨ ᠤ ᠬᠥᠮᠥᠷᠭᠡ᠂ ᠴᠢᠳᠠᠪᠤᠷᠢᠲᠠᠨ ᠤ ᠪᠣᠯᠪᠠᠰᠤᠷᠠᠭᠤᠯᠤᠯ ᠤᠨ ᠬᠥᠮᠥᠷᠭᠡ᠂ ᠠᠵᠤ ᠠᠬᠤᠶᠢᠯᠠᠯ ᠤᠨ ᠮᠡᠳᠡᠭᠡ ᠵᠠᠩᠭᠢ ᠶᠢᠨ ᠬᠥᠮᠥᠷᠭᠡ ᠪᠠ ᠪᠠᠭᠰᠢ ᠲᠤᠰᠬᠠᠢ | ᠮᠡᠷᠭᠡᠵᠢᠯᠲᠡᠨ ᠤ ᠬᠥᠮᠥᠷᠭᠡ ᠶᠢᠨ ︽ᠲᠦᠷᠪᠡᠨ ᠮᠡᠳᠡᠭᠡ ᠵᠠᠩᠭᠢ ᠶᠢᠨ ᠬᠥᠮᠥᠷᠭᠡ︾ ᠶᠢ ᠰᠤᠳᠤᠯᠤᠨ ᠪᠠᠶᠢᠭᠤᠯᠵᠤ᠂ ᠬᠠᠩᠭᠠᠯᠭ᠎ᠠ ᠬᠡᠷᠡᠭᠴᠡᠭᠡ ᠶᠢ ᠥᠨᠳᠥᠷ | ᠪᠦᠲᠦᠮᠵᠢᠲᠡᠶ ᠪᠠᠷ ᠵᠣᠯᠭᠠᠭᠤᠯᠬᠤ ᠶᠢ ᠠᠬᠢᠭᠤᠯᠤᠨ᠎ᠠ᠃ ︵ ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠣᠯᠠᠭ᠎ᠠ ᠶᠢᠨ ᠲᠣᠪᠴᠢᠶ᠎ᠠ᠃ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ | ᠂ ᠰᠤᠷᠭᠠᠨ ᠬᠥᠮᠦᠵᠢᠯ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠡᠯ᠎ᠡ ᠠᠵᠢᠯ ᠲᠥᠷᠥᠯ ᠤᠨ ᠨᠡᠶᠢᠭᠡᠮᠯᠢᠭ︶ | ︵ᠭᠤᠷᠪᠠ︶ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠤᠨ ᠵᠥᠪᠳᠡᠯᠴᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠴᠠᠯᠢᠩ ᠬᠥᠯᠥᠰᠦ ᠶᠢᠨ ᠪᠠᠶᠢᠴᠠᠭᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ | ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠵᠢᠯᠣᠭᠤᠳᠤᠯᠭ᠎ᠠ ᠶᠢ ᠴᠢᠩᠭᠠᠳᠬᠠᠨ᠎ᠠ᠃ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ | ᠲᠣᠭᠲᠠᠴᠠ ᠶᠢ ᠰᠦᠪᠡᠭᠴᠢᠯᠡᠨ ᠲᠡᠭᠦᠯᠳᠡᠷᠵᠢᠭᠦᠯᠵᠦ᠂ ᠠᠵᠢᠯᠲᠠᠨ ᠠᠵᠢᠯᠴᠢᠨ᠂ ᠠᠵᠢᠯᠴᠢᠨ ᠤ ᠡᠪᠯᠡᠯ᠂ ᠬᠥᠮᠥᠨ ᠬᠡᠷᠡᠭᠯᠡᠬᠦ ᠨᠢᠭᠡᠴᠢ᠂ ᠵᠠᠰᠠᠭ ᠤᠨ ᠣᠷᠳᠣᠨ ᠤ ᠰᠠᠯᠠᠭ᠎ᠠ | ᠮᠥᠴᠢᠷ ᠤᠨ ᠬᠠᠮᠲᠤᠷᠠᠨ ᠬᠥᠳᠡᠯᠦᠯᠴᠡᠵᠦ ᠬᠥᠳᠡᠯᠮᠦᠷᠢ ᠶᠢᠨ ᠬᠠᠷᠢᠴᠠᠭ᠎ᠠ ᠶᠢ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠬᠡᠷᠡᠭ ᠢ ᠠᠯᠢ ᠴᠢᠳᠠᠬᠤ ᠪᠠᠷ | ᠡᠶᠡᠳᠡᠭᠦᠯᠬᠦ ᠠᠷᠭ᠎ᠠ ᠮᠠᠶ᠋ᠢᠭ ᠢᠶᠠᠷ ᠬᠠᠤᠯᠢ ᠶᠣᠰᠣᠭᠠᠷ ᠰᠢᠢᠳᠪᠦᠷᠢᠯᠡᠬᠦ ᠶᠢ ᠠᠬᠢᠭᠤᠯᠤᠨ᠎ᠠ᠃ ᠡᠶᠡᠳᠡᠭᠦᠯᠦᠨ ᠵᠣᠬᠢᠴᠠᠭᠤᠯᠬᠤ ᠲᠥᠪ ᠤᠨ ᠦᠢᠯᠡᠳᠦᠯ ᠢ ᠰᠠᠶᠢᠲᠤᠷ | ᠪᠠᠳᠠᠷᠠᠭᠤᠯᠵᠤ᠂ ᠨᠢᠭᠡ ᠯᠡ ᠥᠷᠲᠡᠭᠡᠨ ᠤ ᠮᠠᠶ᠋ᠢᠭ ᠢᠶᠠᠷ ᠡᠷᠬᠡ ᠪᠠᠨ ᠬᠠᠮᠠᠭᠠᠯᠠᠬᠤ ᠶᠢ ᠪᠦᠬᠦ ᠬᠦᠴᠦᠨ ᠢᠶᠠᠷ ᠢᠶᠠᠨ ᠥᠷᠨᠢᠭᠦᠯᠵᠦ᠂ ︽ᠡᠶᠡᠳᠡᠭᠦᠯᠦᠨ ᠲᠠᠰᠤᠯᠬᠤ | ᠵᠠᠭᠠᠯᠳᠤᠯᠭ᠎ᠠ︾ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠦᠨᠡᠨ ᠬᠦ ᠪᠠᠲᠤᠯᠠᠨ᠎ᠠ᠃ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ᠂ ᠬᠥᠳᠡᠯᠮᠦᠷᠢ | ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠯᠮᠦᠷᠢ ᠶᠢᠨ | ᠪᠠᠲᠤᠯᠠᠭ᠎ᠠ ᠶᠢᠨ ᠬᠢᠨᠠᠨ ᠪᠠᠶᠢᠴᠠᠭᠠᠬᠤ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠠᠵᠢᠯ ᠣᠯᠭᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠬᠢᠭᠡᠳ | ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ | ᠲᠠᠰᠤᠯᠬᠤ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠦᠨ᠂ ︽ᠬᠥᠯᠥᠰᠦᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠳᠦᠷᠢᠮ︾ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠴᠠᠯᠢᠩ ᠥᠷᠢᠲᠦᠬᠦ ᠠᠵᠢᠯ ᠲᠦᠷᠦᠯ ᠤᠨ ᠰᠠᠯᠠᠭ᠎ᠠ ᠮᠥᠴᠢᠷ ᠤᠨ ᠪᠡᠶᠡᠴᠢ ᠴᠣᠭᠴᠠ ᠶᠢᠨ | ᠬᠠᠷᠢᠭᠤᠴᠠᠯᠭ᠎ᠠ ᠪᠠ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠦᠨᠳᠦᠰᠦᠨ ᠠᠴᠠ ᠨᠢ ᠵᠠᠰᠠᠬᠤ ᠶᠢ ᠴᠢᠩᠭᠠᠳᠬᠠᠵᠤ᠂ ᠴᠠᠯᠢᠩ | ᠥᠷᠢᠲᠦᠬᠦ ᠶᠢ ᠵᠠᠰᠠᠵᠤ ᠪᠠᠶᠢᠭᠰᠠᠨ ᠠᠴᠠ ᠴᠠᠯᠢᠩ ᠥᠷᠢᠲᠦᠬᠦ ᠶᠢ ᠰᠡᠷᠭᠡᠶᠢᠯᠡᠨ ᠵᠠᠰᠠᠬᠤ ᠲᠡᠶᠢᠰᠢ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ ︵ ᠲᠦᠷᠦᠭᠦᠯᠡᠨ | ᠬᠢᠬᠦ ᠰᠠᠯᠠᠭ᠎ᠠ ᠮᠥᠴᠢᠷ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠣᠯᠠᠭ᠎ᠠ ᠶᠢᠨ ᠲᠣᠪᠴᠢᠶ᠎ᠠ᠃ ᠬᠠᠷᠢᠭᠤᠴᠠᠯᠭᠠᠲᠤ ᠰᠠᠯᠠᠭ᠎ᠠ | ᠮᠥᠴᠢᠷ᠄ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ | ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠰᠢᠭᠦᠬᠦ ᠬᠤᠷᠢᠶ᠎ᠠ᠂ ᠠᠵᠢᠯᠴᠢᠨ ᠤ ᠶᠡᠷᠦᠩᠬᠡᠢ ᠡᠪᠯᠡᠯ᠂ ᠡᠯ᠎ᠡ | ᠬᠥᠮᠥᠨ ᠬᠡᠷᠡᠭᠯᠡᠬᠦ ᠨᠢᠭᠡᠴᠢ︶ | ︵ᠳᠥᠷᠪᠡ︶ ᠠᠵᠢᠯ ᠣᠯᠭᠤᠯᠲᠠ ᠶᠢᠨ ᠬᠢᠨᠠᠨ ᠬᠡᠮᠵᠢᠯᠲᠡ ᠶᠢ ᠴᠢᠩᠭᠠᠳᠬᠠᠨ᠎ᠠ᠃ ᠴᠢᠨᠠᠷ ᠰᠠᠶᠢᠲᠠᠢ ᠪᠥᠭᠡᠳ ᠭᠦᠢᠴᠡᠳ ᠠᠵᠢᠯ ᠣᠯᠭᠤᠯᠲᠠ ᠶᠢ ᠠᠬᠢᠭᠤᠯᠬᠤ | ᠬᠤᠯᠪᠣᠭᠳᠠᠯ ᠪᠦᠬᠦᠢ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠶᠢ ᠪᠠᠶᠢᠭᠤᠯᠵᠤ᠂ ᠲᠤᠰ ᠭᠠᠵᠠᠷ ᠣᠷᠣᠨ᠂ ᠲᠤᠰ ᠬᠦᠷᠢᠶᠡᠨ ᠳᠠᠬᠢ ᠬᠥᠳᠡᠯᠮᠦᠷᠢ ᠬᠦᠴᠦᠨ ᠤ | ᠬᠠᠩᠭᠠᠯᠭ᠎ᠠ ᠪᠠ ᠠᠵᠢᠯ ᠤᠨ ᠪᠠᠶᠢᠷᠢ ᠶᠢᠨ ᠠᠵᠢᠯᠴᠢᠨ ᠬᠡᠷᠡᠭᠯᠡᠬᠦ ᠬᠤᠯᠪᠣᠭᠳᠠᠯ ᠪᠦᠬᠦᠢ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠡᠵᠡᠮᠰᠢᠵᠦ᠂ | ᠠᠵᠢᠯ ᠣᠯᠭᠤᠯᠲᠠ ᠶᠢᠨ ᠪᠠᠶᠢᠳᠠᠯ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠨ ᠰᠤᠳᠤᠯᠵᠤ ᠮᠠᠭᠠᠳᠯᠠᠵᠤ᠂ | ᠬᠡᠪᠴᠢᠶᠡᠵᠢᠭᠰᠡᠨ ᠴᠢᠨᠠᠷᠲᠠᠢ ᠠᠵᠢᠯ ᠠᠯᠳᠠᠯᠲᠠ ᠶᠢᠨ ᠠᠶᠤᠯ ᠲᠦᠭᠰᠢᠭᠦᠷᠢ ᠶᠢ ᠠᠷᠭᠠᠴᠠᠨ ᠰᠢᠢᠳᠪᠦᠷᠢᠯᠡᠬᠦ ᠬᠡᠷᠡᠭᠲᠡᠢ᠃ ︵ᠲᠦᠷᠦᠭᠦᠯᠡᠨ ᠬᠢᠬᠦ ᠰᠠᠯᠠᠭ᠎ᠠ ᠮᠥᠴᠢᠷ᠄ | ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠵᠠᠯᠠᠨ | ᠠᠶᠢᠯ ᠤᠨ ᠪᠠᠶᠢᠴᠠᠭᠠᠯᠲᠠ ᠶᠢᠨ ᠠᠩᠬᠢ᠃ ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ︶ | ᠨᠠᠢᠮᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠵᠢᠯ ᠣᠯᠭᠤᠯᠲᠠ ᠶᠢᠨ ᠠᠵᠢᠯ ᠳᠠᠬᠢ ᠨᠠᠮ ᠤᠨ ᠬᠤᠷᠢᠶᠠᠨ ᠤ ᠪᠦᠬᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠵᠠᠰᠠᠭ ᠤᠨ ᠣᠷᠳᠣᠨ ᠤᠳᠤᠷᠢᠳᠤᠭᠰᠠᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠲᠦᠷᠦᠭᠦᠯᠡᠨ ᠬᠢᠭᠰᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠲᠠ ᠬᠠᠮᠵᠢᠯᠴᠠᠭᠰᠠᠨ᠂ ᠨᠡᠶᠢᠭᠡᠮ ᠤᠨ ᠡᠯ᠎ᠡ ᠡᠲᠡᠭᠡᠳ ᠤᠨ | ᠬᠢᠨ ᠬᠠᠮᠲᠤ ᠪᠠᠷ ᠣᠷᠣᠯᠴᠠᠭᠰᠠᠨ ᠠᠵᠢᠯ ᠣᠯᠭᠤᠯᠲᠠ ᠶᠢᠨ ᠠᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠡᠯ᠎ᠡ ᠬᠠᠮᠢᠶ᠎ᠠ ᠪᠦᠬᠦᠢ ᠨᠢᠭᠡᠴᠡ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠲᠤᠰ ᠨᠢᠭᠡᠴᠡ ᠶᠢᠨ ᠢᠶᠠᠨ ᠠᠵᠢᠯ ᠤᠨ ᠲᠥᠯᠥᠪᠯᠡᠭᠡ ᠶᠢ ᠲᠣᠭᠲᠠᠭᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢ ᠠᠬᠢᠭᠤᠯᠬᠤ ᠵᠢᠷᠭᠤᠭᠠᠨ ᠨᠠᠷᠢᠨ | ᠬᠠᠭᠤᠳᠠᠰᠤ ︵︽ᠬᠠᠮᠵᠢᠯᠴᠠᠬᠤ ᠰᠠᠯᠠᠭ᠎ᠠ ᠮᠥᠴᠢᠷ︾ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ︽ᠠᠵᠢᠯ ᠪᠠᠶᠢᠭᠠᠳ ᠬᠢᠬᠦ ᠬᠥᠮᠥᠨ ᠦᠭᠡᠢ︾ ᠠᠵᠢᠯ ᠤᠨ | ᠪᠠᠶᠢᠷᠢ ᠶᠢᠨ ᠨᠠᠷᠢᠨ ᠬᠠᠭᠤᠳᠠᠰᠤ᠂ ︽ᠬᠦᠮᠦᠨ ᠪᠠᠶᠢᠭᠠᠳ ᠠᠵᠢᠯ ᠦᠭᠡᠢ︾ ᠠᠵᠢᠯᠲᠠᠨ ᠤ ᠨᠠᠷᠢᠨ ᠬᠠᠭᠤᠳᠠᠰᠤ᠂ ︽ᠬᠡᠷᠡᠭᠴᠡᠭᠡ ᠶᠣᠰᠣᠭᠠᠷ ᠲᠣᠭᠲᠠᠭᠠᠭᠰᠠᠨ︾ | ᠪᠣᠯᠪᠠᠰᠤᠷᠠᠭᠤᠯᠤᠯ ᠤᠨ ᠨᠠᠷᠢᠨ ᠬᠠᠭᠤᠳᠠᠰᠤ᠂ ︽ᠲᠠᠰ ᠬᠤᠪᠢᠶᠠᠨ ᠲᠥᠷᠥᠯ ᠬᠤᠪᠢᠶᠠᠭᠰᠠᠨ︾ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ᠂ ︽ᠵᠢᠷᠤᠮᠵᠢᠭᠤᠨ | ᠨᠢᠭᠡᠳᠦᠯᠲᠡᠢ︾ ᠦᠢᠯᠡᠴᠢᠯᠡᠭᠡᠨ ᠤ ᠨᠠᠷᠢᠨ ᠬᠠᠭᠤᠳᠠᠰᠤ︶ ᠶᠢ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠠᠵᠢᠯ ᠤᠨ | ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠲᠣᠰ | ᠲᠥᠰᠥᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ︵ ᠲᠦᠷᠦᠭᠦᠯᠡᠨ ᠬᠢᠬᠦ ᠰᠠᠯᠠᠭ᠎ᠠ ᠮᠥᠴᠢᠷ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠣᠯᠠᠭ᠎ᠠ ᠶᠢᠨ ᠲᠣᠪᠴᠢᠶ᠎ᠠ᠃ ᠬᠠᠷᠢᠭᠤᠴᠠᠯᠭᠠᠲᠤ ᠰᠠᠯᠠᠭ᠎ᠠ ᠮᠥᠴᠢᠷ᠄ ᠠᠵᠢᠯ ᠤᠨ ᠡᠭᠦᠷᠭᠡ ᠶᠢᠨ ᠨᠠᠷᠢᠨ ᠬᠠᠭᠤᠳᠠᠰᠤ ᠶᠢᠨ ᠡᠯ᠎ᠡ ᠬᠠᠮᠢᠶ᠎ᠠ ᠪᠦᠬᠦᠢ | ᠨᠢᠭᠡᠴᠡ︶ | ︵ᠬᠤᠶᠠᠷ︶ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠨ᠎ᠠ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢᠭᠡᠳᠦᠯᠲᠡᠢ | ᠲᠥᠯᠥᠪᠯᠡᠨ ᠲᠣᠬᠢᠷᠠᠭᠤᠯᠵᠤ᠂ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠬᠤᠲᠠ ᠶᠢᠨ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠨᠢᠭᠡᠳᠦᠯᠲᠡᠢ | ᠲᠥᠯᠥᠪᠯᠡᠨ ᠠᠬᠢᠭᠤᠯᠬᠤ ᠶᠢ ᠬᠠᠷᠢᠭᠤᠴᠠᠵᠤ᠂ ᠠᠵᠢᠯ ᠤᠨ ᠠᠬᠢᠴᠠ ᠶᠢ ᠰᠠᠷ᠎ᠠ ᠪᠠᠷ ᠲᠣᠬᠢᠷᠠᠭᠤᠯᠤᠨ ᠮᠡᠳᠡᠭᠳᠡᠵᠦ᠂ ᠠᠵᠢᠯ ᠣᠯᠭᠤᠯᠲᠠ ᠶᠢᠨ ᠪᠠᠶᠢᠳᠠᠯ ᠢ ᠤᠯᠠᠷᠢᠯ ᠢᠶᠠᠷ | ᠵᠠᠳᠠᠯᠤᠨ ᠰᠢᠨᠵᠢᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠬᠤᠲᠠ ᠶᠢᠨ ᠵᠠᠰᠠᠭ ᠤᠨ ᠣᠷᠳᠣᠨ ᠳᠤ ᠠᠵᠢᠯ ᠤᠨ ᠪᠠᠶᠢᠳᠠᠯ ᠢᠶᠠᠨ ᠮᠡᠳᠡᠭᠦᠯᠦᠨ᠎ᠡ᠃ ︵ᠲᠦᠷᠦᠭᠦᠯᠡᠨ | ᠬᠢᠬᠦ ᠰᠠᠯᠠᠭ᠎ᠠ ᠮᠥᠴᠢᠷ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠣᠯᠠᠭ᠎ᠠ ᠶᠢᠨ ᠲᠣᠪᠴᠢᠶ᠎ᠠ᠃ ᠬᠠᠷᠢᠭᠤᠴᠠᠯᠭᠠᠲᠤ ᠰᠠᠯᠠᠭ᠎ᠠ | ᠮᠥᠴᠢᠷ᠄ ᠠᠵᠢᠯ ᠤᠨ ᠡᠭᠦᠷᠭᠡ ᠶᠢᠨ ᠨᠠᠷᠢᠨ ᠬᠠᠭᠤᠳᠠᠰᠤ ᠶᠢᠨ ᠡᠯ᠎ᠡ ᠬᠠᠮᠢᠶ᠎ᠠ ᠪᠦᠬᠦᠢ ᠨᠢᠭᠡᠴᠡ︶ | ︵ᠭᠤᠷᠪᠠ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ᠃ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠲᠦᠷᠦ ᠶᠢᠨ ᠪᠣᠳᠣᠯᠭ᠎ᠠ ᠶᠢ | ᠤᠯᠠᠨ ᠵᠦᠢᠯ ᠤᠨ ᠬᠡᠯᠪᠡᠷᠢ ᠪᠠᠷ ᠤᠬᠠᠭᠤᠯᠵᠤ᠂ ᠠᠵᠢᠯ ᠣᠯᠭᠤᠬᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠨᠠᠷᠢᠯᠢᠭ | ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃ ᠠᠵᠢᠯ ᠣᠯᠭᠤᠯᠲᠠ ᠶᠢᠨ ᠠᠵᠢᠯ ᠤᠨ ᠲᠡᠷᠢᠭᠦᠨ ᠤ ᠲᠤᠷᠰᠢᠯᠭ᠎ᠠ᠂ ᠨᠡᠶᠢᠲᠡᠯᠢᠭ ᠬᠡᠷᠡᠭ ᠤᠨ ᠵᠢᠱᠢᠶ᠎ᠡ ᠶᠢ ᠳ᠋ᠦᠩᠨᠡᠨ | ᠪᠣᠯᠪᠠᠰᠤᠷᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠠᠮ ᠵᠠᠭᠤᠴᠢᠯᠠᠭᠤᠷ ᠤᠨ ᠲᠠᠪᠴᠠᠩ ᠢ ᠬᠡᠷᠡᠭᠯᠡᠨ᠂ ᠰᠠᠶᠢᠨ ᠲᠤᠷᠰᠢᠯᠭ᠎ᠠ᠂ ᠰᠠᠶᠢᠨ ᠠᠷᠭ᠎ᠠ | ᠬᠢᠳᠡᠯ ᠢ ᠴᠠᠭ ᠲᠤᠬᠠᠢ ᠳᠤᠨᠢ ᠤᠬᠠᠭᠤᠯᠵᠤ᠂ ᠥᠷᠭᠡᠨ ᠤᠯᠠᠨ ᠬᠥᠳᠡᠯᠮᠦᠷᠢᠴᠢᠳ ᠢ ᠬᠥᠲᠥᠯᠥᠨ ᠵᠢᠯᠤᠭᠤᠳᠴᠤ ᠪᠠᠶᠢᠭᠠᠳ ᠠᠵᠢᠯ ᠣᠯᠭᠤᠯᠲᠠ ᠶᠢᠨ ᠵᠥᠪ | ᠦᠵᠡᠯᠲᠡ ᠶᠢ ᠪᠤᠢ ᠪᠣᠯᠭᠠᠵᠤ᠂ ᠠᠵᠢᠯ ᠣᠯᠭᠤᠯᠲᠠ ᠶᠢᠨ ᠢᠳᠡᠪᠬᠢᠲᠡᠢ ᠠᠭᠤᠷ ᠠᠮᠢᠰᠬᠤᠯ ᠢ ᠪᠤᠢ ᠪᠣᠯᠭᠠᠵᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠳᠤ | ᠨᠡᠶᠢᠭᠡᠮ ᠳᠠᠶᠠᠭᠠᠷ ᠢᠶᠠᠨ ᠢᠳᠡᠪᠬᠢᠲᠡᠢ ᠣᠷᠣᠯᠴᠠᠬᠤ ᠶᠢ ᠰᠠᠨᠠᠭᠠᠴᠢᠯᠠᠨ᠎ᠠ᠃ ︵ᠲᠦᠷᠦᠭᠦᠯᠡᠨ ᠬᠢᠬᠦ ᠰᠠᠯᠠᠭ᠎ᠠ ᠮᠥᠴᠢᠷ᠄ ᠬᠠᠮ ᠵᠠᠭᠤᠴᠢᠯᠠᠭᠤᠷ ᠤᠨ ᠲᠥᠪ᠃ | ᠬᠠᠷᠢᠭᠤᠴᠠᠯᠭᠠᠲᠤ ᠰᠠᠯᠠᠭ᠎ᠠ ᠮᠥᠴᠢᠷ᠄ ᠠᠵᠢᠯ ᠤᠨ ᠡᠭᠦᠷᠭᠡ ᠶᠢᠨ ᠨᠠᠷᠢᠨ ᠬᠠᠭᠤᠳᠠᠰᠤ ᠶᠢᠨ ᠡᠯ᠎ᠡ ᠬᠠᠮᠢᠶ᠎ᠠ ᠪᠦᠬᠦᠢ ᠨᠢᠭᠡᠴᠡ︶ | ︵ᠳᠥᠷᠪᠡ︶ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠨ᠎ᠠ᠃ ︽ᠨᠢᠭᠡ ᠬᠤᠪᠢ ᠣᠷᠣᠭᠤᠯᠤᠯᠲᠠ︾ ᠶᠢ ᠴᠢᠩᠭᠠᠷᠠᠭᠤᠯᠵᠤ᠂ ︽ᠣᠷᠣᠭᠤᠯᠤᠯᠲᠠ | ᠬᠦᠷᠦᠯᠴᠡᠬᠦ ᠦᠭᠡᠢ᠂ ᠵᠣᠷᠢᠭᠵᠢᠭᠤᠯᠤᠯ ᠬᠦᠷᠦᠯᠴᠡᠬᠦ ᠦᠭᠡᠢ︾ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠠᠵᠢᠯ ᠣᠯᠭᠤᠬᠤ ᠠᠵᠢᠯ ᠤᠨ ᠪᠡᠯᠡ ᠮᠥᠩᠭᠦ ᠶᠢᠨ | ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠦᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠤ ᠭᠠᠵᠠᠷ ᠲᠤᠨᠢ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠵᠢᠯ ᠪᠦᠷᠢ ᠲᠤᠰᠬᠠᠢ ᠵᠦᠢᠯ ᠤᠨ ᠪᠣᠯᠪᠠᠰᠤᠷᠠᠭᠤᠯᠤᠯ ᠤᠨ ᠵᠠᠷᠤᠳᠠᠯ ᠢ ᠵᠢᠭᠰᠠᠭᠠᠨ ᠭᠠᠷᠭᠠᠵᠤ᠂ ᠤᠯᠤᠰ᠂ | ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠠᠴᠠ ᠭᠠᠳᠠᠨᠠᠬᠢ ᠡᠯ᠎ᠡ ᠱᠠᠲᠤᠨ ᠤ ᠡᠯ᠎ᠡ ᠲᠥᠷᠥᠯ ᠤᠨ ᠠᠵᠢᠯ ᠣᠯᠭᠤᠬᠤ ᠪᠣᠯᠪᠠᠰᠤᠷᠠᠭᠤᠯᠤᠯ ᠢ ᠨᠢᠭᠡᠳᠦᠯᠲᠡᠢ | ᠲᠥᠯᠥᠪᠯᠡᠬᠦ ᠳᠤ ᠬᠡᠷᠡᠭᠯᠡᠨ᠎ᠡ᠃ ᠠᠳᠠᠯ ᠦᠢᠯᠡᠰ ᠴᠣᠭᠴᠠᠯᠠᠬᠤ ᠣᠷᠣᠭᠤᠯᠤᠯᠲᠠ ᠶᠢ ᠨᠡᠮᠡᠭᠳᠡᠭᠦᠯᠵᠦ᠂ ᠡᠯ᠎ᠡ ᠲᠥᠷᠥᠯ ᠤᠨ ᠠᠳᠠᠯ ᠦᠢᠯᠡᠰ ᠴᠣᠭᠴᠠᠯᠠᠬᠤ ᠠᠵᠢᠯ | ᠣᠯᠭᠤᠯᠲᠠ ᠶᠢᠨ ᠠᠴᠢᠶᠠᠯᠠᠪᠤᠷᠢ ᠶᠢᠨ ᠪᠠᠶᠢᠭᠤᠯᠤᠯᠲᠠ ᠪᠠ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠲᠦᠯᠬᠢᠨ ᠠᠬᠢᠭᠤᠯᠵᠤ᠂ ᠨᠡᠶᠢᠭᠡᠮ ᠤᠨ | ᠬᠥᠷᠥᠩᠭᠡ ᠶᠢᠨ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠦᠢᠯᠡᠴᠢᠯᠡᠭᠡ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ᠂ ᠠᠵᠢᠯ ᠣᠯᠭᠤᠬᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠦᠢᠯᠡᠳᠦᠯ ᠢᠶᠠᠨ ᠪᠠᠳᠠᠷᠠᠭᠤᠯᠬᠤ ᠶᠢ ᠬᠥᠲᠥᠯᠥᠨ | ᠳᠠᠭᠠᠭᠤᠯᠵᠤ᠂ ᠪᠥᠬᠦ ᠨᠡᠶᠢᠭᠡᠮ ᠤᠨ ᠣᠯᠠᠨ ᠲᠠᠯ᠎ᠠ ᠪᠠᠷ ᠢᠶᠠᠨ ᠣᠷᠣᠯᠴᠠᠬᠤ ᠠᠵᠢᠯ ᠤᠨ ᠪᠠᠶᠢᠷᠢᠰᠢᠯ ᠢ ᠪᠣᠶ ᠪᠣᠯᠭᠠᠨ᠎ᠠ᠃ ︵ᠲᠦᠷᠦᠭᠦᠯᠡᠨ ᠬᠢᠬᠦ ᠰᠠᠯᠠᠭ᠎ᠠ ᠮᠥᠴᠢᠷ᠄ | ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠣᠯᠠᠭ᠎ᠠ ᠶᠢᠨ ᠲᠣᠪᠴᠢᠶ᠎ᠠ᠃ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ᠂ ᠠᠵᠢᠯ ᠤᠨ ᠡᠭᠦᠷᠭᠡ ᠶᠢᠨ ᠨᠠᠷᠢᠨ ᠬᠠᠭᠤᠳᠠᠰᠤ ᠶᠢᠨ ᠡᠯ᠎ᠡ ᠬᠠᠮᠢᠶ᠎ᠠ ᠪᠦᠬᠦᠢ ᠨᠢᠭᠡᠴᠡ︶ | | |