ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠵᠠᠰᠠᠭ ᠵᠠᠬᠢᠷᠭᠠᠨ  ᠤ ᠳᠠᠬᠢᠨ ᠵᠥᠪᠯᠡᠭᠦᠯᠬᠦ  ᠶᠢᠨ ᠳᠠᠮᠵᠢᠭᠤᠯᠤᠨ ᠬᠦᠷᠭᠡᠬᠦ ᠣᠷᠣᠯᠠᠨ ᠭᠦᠢᠴᠡᠳᠬᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/20
    ᠣᠯᠠᠨ ᠲᠦᠮᠡᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠲᠤᠬᠠᠢ ᠣᠶᠢᠯᠠᠭᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠥᠳᠡᠭᠡ ᠲᠣᠰᠬᠤᠨ ᠤ ᠣᠯᠠᠨ ᠲᠦᠮᠡᠨ ᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠭᠰᠠᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠳ᠋ᠠ ᠾᠧ ᠸᠠᠨ ᠤ ᠬᠠᠤᠯᠢ ᠴᠠᠭᠠᠵᠠ ᠶᠢᠨ ᠭᠠᠵᠠᠷ ᠵᠠᠰᠠᠭ ᠵᠠᠬᠢᠷᠭᠠᠨ ᠤ ᠳᠠᠬᠢᠨ ᠵᠥᠪᠯᠡᠬᠦ  ᠶᠢᠨ ᠳᠠᠮᠵᠢᠭᠤᠯᠤᠨ ᠬᠦᠷᠭᠡᠬᠦ ᠣᠷᠣᠯᠠᠨ ᠭᠦᠢᠴᠡᠳᠬᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠲᠤᠰ ᠤᠳᠠᠭᠠᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠢᠴᠢ ᠲᠤᠬᠠᠢ ᠶᠢᠨ ᠲᠠᠯᠠᠪᠤᠷ ᠲᠤ ᠤᠬᠠᠭᠤᠯᠤᠨ ᠲᠠᠶᠢᠯᠪᠤᠷᠢᠯᠠᠬᠤ ᠬᠡᠯᠪᠡᠷᠢ ᠪᠠᠷ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠪᠣᠳᠠᠲᠠᠢ ᠠᠭᠤᠯᠭ᠎ᠠ᠂ ᠭᠤᠶᠤᠴᠢᠯᠠᠬᠤ ᠴᠠᠭ ᠤᠨ ᠬᠢᠵᠠᠭᠠᠷ᠂ ᠭᠤᠶᠤᠴᠢᠯᠠᠬᠤ ᠭᠠᠵᠠᠷ᠂ ᠭᠤᠶᠤᠴᠢᠯᠠᠬᠤ ᠨᠥᠬᠦᠴᠡᠯ ᠵᠡᠷᠭᠡ ᠶᠢ ᠭᠤᠣᠯᠳᠠᠯᠭ᠎ᠠ ᠲᠠᠢ ᠤᠬᠠᠭᠤᠯᠬᠤ ᠶᠢᠨ ᠬᠠᠮᠲᠤ᠂ ᠣᠯᠠᠨ ᠲᠦᠮᠡᠨ ᠳᠤ ᠠᠯᠠᠭᠠᠨ ᠳᠡᠭᠡᠷᠡᠬᠢ ᠳᠠᠬᠢᠨ ᠵᠥᠪᠯᠡᠬᠦ ᠸᠢᠴᠠᠲ ᠤᠨ ᠵᠢᠵᠢᠭ ᠫᠷᠣᠭ᠍ᠷᠠᠮ᠂ ᠪᠥᠬᠦ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠦᠢᠯᠡᠴᠢᠯᠡᠭᠡᠨ ᠤ ᠲᠠᠪᠴᠠᠩ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠭᠤᠶᠤᠴᠢᠯᠠᠵᠤ ᠂ ᠪᠠᠰᠠ ᠬᠠᠤᠯᠢ ᠴᠠᠭᠠᠵᠠ ᠶᠢᠨ ᠭᠠᠵᠠᠷ ᠲᠤ ᠳᠠᠮᠵᠢᠭᠤᠯᠤᠨ ᠥᠭᠴᠦ ᠣᠷᠣᠯᠠᠨ ᠭᠦᠢᠴᠡᠳᠬᠡᠭᠦᠯᠵᠦ ᠪᠣᠯᠣᠨ᠎ᠠ ᠭᠡᠵᠦ ᠵᠢᠭᠠᠨ ᠲᠠᠶᠢᠯᠪᠣᠷᠢᠯᠠᠵᠤ  ᠦᠭᠪᠡ᠃    ᠵᠠᠰᠠᠭ ᠵᠠᠬᠢᠷᠭᠠᠨ ᠤ ᠳᠠᠬᠢᠨ ᠵᠥᠪᠯᠡᠬᠦ  ᠶᠢᠨ ᠳᠠᠮᠵᠢᠭᠤᠯᠤᠨ ᠬᠦᠷᠭᠡᠬᠦ ᠣᠷᠣᠯᠠᠨ ᠭᠦᠢᠴᠡᠳᠬᠡᠬᠦ ᠠᠵᠢᠯ ᠢ ᠥᠷᠨᠢᠭᠦᠯᠦᠭᠰᠡᠨ ᠠᠴᠠ ᠨᠠᠰᠢ᠂ ᠳ᠋ᠠ ᠾᠧ ᠸᠠᠨ ᠤ ᠬᠠᠤᠯᠢ ᠴᠠᠭᠠᠵᠠ ᠶᠢᠨ ᠭᠠᠵᠠᠷ ᠤᠨ ᠬᠢᠨ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠠᠯᠪᠠᠨ ᠭᠡᠷ ᠤᠨ ᠠᠵᠢᠯ ᠤᠨ ᠱᠠᠭᠠᠷᠳᠠᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠣᠷᠣᠯᠠᠨ ᠭᠦᠢᠴᠡᠳᠬᠡᠬᠦ ᠮᠠᠲ᠋ᠧᠷᠢᠶᠠᠯ ᠢ ᠭᠥᠯᠢᠶᠡᠨ ᠠᠪᠴᠤ ᠰᠢᠢᠳᠪᠦᠷᠢᠯᠡᠬᠦ ᠪᠠ ᠳᠠᠮᠵᠢᠭᠤᠯᠤᠨ ᠬᠦᠷᠭᠡᠬᠦ ᠠᠵᠢᠯ ᠢ ᠲᠠᠰᠤᠷᠠᠯᠲᠠ ᠦᠭᠡᠢ ᠲᠦᠯᠬᠢᠨ ᠠᠬᠢᠭᠤᠯᠪᠠ᠃ ᠲᠠᠷᠠᠭᠠᠴᠢ ᠶᠢᠨ ᠠᠯᠬᠤᠮ ᠳᠤ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠲᠤᠰᠬᠠᠢ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠰᠠᠶᠢᠲᠤᠷ ᠥᠷᠨᠢᠭᠦᠯᠵᠦ᠂ ᠬᠠᠤᠯᠢ ᠲᠦᠭᠡᠮᠡᠯᠵᠢᠭᠦᠯᠬᠦ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠨ᠂ ᠬᠠᠷᠢᠶᠠᠲᠤ ᠣᠷᠣᠨ ᠤ ᠣᠯᠠᠨ ᠲᠦᠮᠡᠨ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠶᠢᠨ ᠠᠷᠠᠳ ᠲᠤ ᠲᠥᠬᠦᠮ ᠦᠵᠡᠭᠦᠯᠬᠦ ᠦᠢᠯᠡᠳᠦᠯ ᠵᠢᠴᠢ ᠭᠦᠨ ᠭᠦᠨᠵᠡᠭᠡᠢ ᠠᠴᠢ ᠬᠤᠯᠪᠣᠭᠳᠠᠯ ᠢ ᠭᠦᠢᠴᠡᠳ ᠣᠶᠢᠯᠠᠭᠠᠭᠤᠯᠵᠤ᠂ ᠣᠯᠠᠨ ᠲᠦᠮᠡᠨ ᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ︽ᠡᠴᠦᠰ ᠤᠨ ᠨᠢᠭᠡ ᠺᠢᠯᠣᠮᠧᠲᠷ︾ ᠤᠨ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠨ᠎ᠡ᠃ 
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ