ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠵᠢᠭᠤᠯᠴᠢᠯᠠᠯ ᠤᠨ ᠦᠢᠯᠡᠴᠢᠯᠡᠭᠡᠨ ᠤ ᠶᠠᠰᠤ  ᠴᠢᠨᠠᠷ ᠢ ᠳᠡᠭᠡᠭᠰᠢᠯᠡᠭᠦᠯᠬᠦ ᠰᠠᠭᠤᠳᠠᠯ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2025/5/20
    ᠵᠤᠭᠠᠴᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠤᠯᠠᠮ ᠴᠢᠨᠠᠭᠰᠢᠳᠠ ᠰᠢᠯᠢᠳᠡᠭᠵᠢᠭᠦᠯᠵᠦ ᠵᠠᠯᠠᠨ ᠠᠶᠢᠯ ᠬᠤᠲᠠ ᠶᠢᠨ ᠵᠤᠭᠠᠴᠠᠯ ᠤᠨ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠵᠠᠯᠠᠨ ᠠᠶᠢᠯ ᠬᠤᠲᠠ ᠶᠢᠨ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠣᠶᠢᠷ᠎ᠠ ᠳᠤ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠴᠦᠨ ᠵᠢᠣᠸᠠᠨ ᠬᠤᠷᠠᠯ ᠡᠷᠭᠢᠯᠡᠨ ᠬᠤᠷᠠᠯᠳᠤᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠯ᠎ᠡ ᠭᠤᠣᠯ ᠴᠣᠭᠴᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠂ ᠬᠤᠷᠠᠯ  ᠠᠴᠠ ᠵᠣᠨ ᠤ ᠤᠯᠠᠷᠢᠯ ᠤᠨ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠵᠢᠭᠤᠯᠴᠢᠯᠠᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠵᠡᠷᠭᠡ ᠠᠭᠤᠯᠭ᠎ᠠ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠬᠤ ᠶᠢᠨ ᠬᠠᠮᠲᠤ ᠡᠯ᠎ᠡ ᠦᠵᠡᠮᠵᠢ ᠶᠢᠨ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠬᠤᠯᠠᠴᠢᠯᠠᠪᠠ᠃    ᠬᠤᠷᠠᠯ ᠳᠡᠭᠡᠷ᠎ᠡ ᠡᠯ᠎ᠡ ᠵᠢᠭᠤᠯᠴᠢᠯᠠᠯ ᠤᠨ ᠠᠵᠤ ᠠᠬᠤᠶᠢᠯᠠᠯ ᠲᠣᠰ ᠲᠣᠰ ᠵᠣᠨ ᠤ ᠤᠯᠠᠷᠢᠯ ᠤᠨ ᠵᠢᠭᠤᠯᠴᠢᠯᠠᠯ ᠤᠨ ᠠᠵᠢᠯᠯᠠᠭ᠎ᠠ ᠶᠢᠨ ᠲᠣᠭᠤᠷᠢᠨ ᠳᠤ ᠰᠢᠨ᠎ᠡ ᠪᠠᠷ ᠨᠡᠮᠡᠭᠳᠡᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠵᠢᠴᠢ ᠠᠵᠢᠯᠯᠠᠭ᠎ᠠ ᠶᠢᠨ ᠠᠭᠤᠯᠭ᠎ᠠ ᠪᠠᠨ ᠲᠠᠨᠢᠯᠴᠠᠭᠤᠯᠤᠭᠰᠠᠨ ᠪᠥᠭᠡᠳ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠠᠮᠲᠤᠷᠠᠯᠴᠠᠭ᠎ᠠ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠠᠵᠢᠯᠲᠠᠨ ᠤ ᠪᠣᠯᠪᠠᠰᠤᠷᠠᠭᠤᠯᠤᠯ ᠰᠣᠷᠢᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠭᠰᠠᠨ ᠪᠥᠭᠡᠳ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠃    ᠬᠤᠷᠠᠯ ᠠᠴᠠ᠂ ᠢᠯᠠᠩᠭᠤᠶ᠎ᠠ ᠵᠤᠨ ᠤ ᠤᠯᠠᠷᠢᠯ ᠤᠨ ᠬᠦᠪᠦᠯᠲᠡ ᠶᠢᠨ ᠤᠯᠠᠷᠢᠯ ᠬᠦᠷᠴᠦ ᠢᠷᠡᠬᠦ ᠲᠠᠰᠢᠷᠠᠮ ᠢᠶᠠᠷ᠂ ᠡᠯ᠎ᠡ ᠵᠤᠭᠠᠴᠠᠯ ᠤᠨ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠡᠮ ᠰᠣᠭᠤᠭ ᠢ ᠪᠠᠶᠢᠴᠠᠭᠠᠨ ᠴᠡᠭᠴᠡᠯᠡᠬᠦ ᠶᠢ ᠴᠢᠩᠭᠠᠳᠬᠠᠬᠤ ᠬᠡᠷᠡᠭᠲᠡᠢ᠃ ᠪᠠᠭᠤᠳᠠᠯ᠂ ᠢᠳᠡᠭᠡᠨ ᠤᠮᠳᠠᠭᠠᠨ ᠵᠡᠷᠭᠡ ᠲᠠᠯᠠᠪᠤᠷ ᠤᠳ ᠭᠠᠯ ᠤᠨᠲᠠᠷᠠᠭᠠᠬᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ ᠢ ᠴᠢᠬᠤᠯᠠᠴᠢᠯᠠᠨ ᠠᠩᠬᠠᠷᠴᠤ᠂  ᠠᠶᠣᠯᠬᠦᠢ ᠦᠢᠯᠡᠳᠪᠦᠷᠢᠯᠡᠯ ᠢ ᠪᠠᠲᠤᠯᠠᠬᠤ ᠪᠠᠷ ᠤᠷᠢᠲᠠᠯ ᠪᠣᠯᠭᠠᠵᠤ᠂ ᠦᠢᠯᠡᠴᠢᠯᠡᠭᠡᠨ ᠤ ᠶᠠᠰᠤ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠳᠠᠯᠢ ᠠᠵᠢᠯ ᠲᠦᠷᠦᠯ ᠤᠨ ᠡᠯ᠎ᠡ ᠭᠤᠣᠯ ᠴᠣᠭᠴᠠ ᠶᠢᠨ ᠬᠤᠭᠤᠷᠣᠨᠳᠤ ᠪᠠᠨ ᠣᠯᠣᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠦᠨ᠎ᠡ ᠬᠠᠩᠰᠢ ᠶᠢᠨ ᠲᠠᠶᠢᠨ ᠬᠢᠬᠦ ᠦᠭᠡᠢ᠂ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠪᠠᠲᠤᠯᠠᠵᠤ᠂ ᠮᠠᠭᠤ ᠰᠠᠨᠠᠭ᠎ᠠ ᠲᠠᠢ ᠪᠠᠷ ᠥᠷᠢᠰᠦᠯᠳᠦᠬᠦ ᠠᠴᠠ ᠵᠠᠶᠢᠯᠠᠰᠬᠢᠵᠦ᠂ ᠬᠠᠮᠲᠤᠪᠠᠷ ᠠᠰᠢᠭ ᠬᠦᠷᠳᠡᠬᠦ ᠪᠠᠶᠢᠳᠠᠯ ᠢ ᠬᠠᠮᠲᠤᠪᠠᠷ ᠪᠤᠢ ᠪᠣᠯᠭᠠᠵᠤ᠂ ᠬᠠᠮᠲᠤᠪᠠᠷ ᠵᠤᠭᠠᠴᠠᠭᠰᠠᠳ ᠲᠤ ᠲᠠᠭᠠᠯᠠᠮᠵᠢᠲᠠᠢ᠂ ᠰᠠᠨᠠᠭ᠎ᠠ ᠠᠮᠤᠷ ᠵᠤᠭᠠᠴᠠᠯ ᠤᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠢ᠃ᠬᠤᠷᠠᠯ ᠤᠨ ᠡᠴᠦᠰ ᠲᠤ᠂ ᠡᠯ᠎ᠡ ᠵᠤᠭᠠᠴᠠᠯ ᠤᠨ ᠠᠵᠤ ᠠᠬᠤᠶᠢᠯᠠᠯ ᠦᠨᠡᠨᠴᠢ ᠢᠲᠡᠭᠡᠮᠵᠢᠲᠡᠢ ᠪᠠᠷ ᠡᠵᠡᠩᠨᠡᠵᠦ᠂ ᠪᠣᠯᠪᠠᠰᠤᠨ ᠢᠶᠠᠷ ᠦᠢᠯᠡᠴᠢᠯᠡᠵᠦ᠂ ᠵᠤᠭᠠᠴᠠᠭᠰᠠᠳ ᠤᠨ ᠠᠮᠤᠷ ᠲᠦᠪᠰᠢᠨ ᠢ ᠪᠠᠲᠤᠯᠠᠵᠤ᠂ ᠪᠦᠬᠦ ᠬᠤᠳᠠ ᠶᠢᠨ ᠵᠤᠭᠠᠴᠠᠯ ᠤᠨ ᠦᠢᠯᠡᠰ ᠤᠨ ᠡᠷᠡᠭᠦᠯ ᠪᠥᠭᠡᠳ ᠡᠮᠬᠢ ᠳᠢᠭᠯᠢᠮ ᠲᠠᠢ ᠬᠥᠭᠵᠢᠯᠲᠡ ᠶᠢ ᠬᠠᠮᠲᠤᠪᠠᠷ ᠠᠬᠢᠭᠤᠯᠤᠨ᠎ᠠ ᠭᠡᠵᠦ ᠠᠮᠠᠯᠳᠠᠪᠠ᠃  
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ