ᠲᠦᠷᠦᠭᠦᠬᠡᠨ᠂ ᠵᠠᠯᠠᠨ ᠠᠶᠢᠯ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠠᠷᠪᠠᠨ ᠬᠤᠶᠠᠳᠤᠭᠠᠷ ᠬᠤᠭᠤᠴᠠᠭᠠᠨ ᠤ ᠳᠥᠷᠪᠡᠳᠦᠭᠡᠷ | ᠤᠳᠠᠭᠠᠨ ᠤ ᠭᠦᠢᠴᠡᠳᠬᠡᠬᠦ ᠺᠣᠮᠢᠰ ᠤᠨ ᠬᠤᠷᠠᠯ ᠬᠤᠷᠠᠯᠳᠤᠭᠤᠯᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ | ᠬᠡᠯᠲᠡᠰ ᠤᠨ ᠳᠠᠷᠤᠭ᠎ᠠ ᠯᠢ ᠳ᠋ᠦᠩ ᠹᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠴᠧᠨ ᠾᠦᠢ ᠬᠤᠳᠠ ᠶᠢᠨ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠠᠵᠢᠯ ᠤᠨ ᠮᠡᠳᠡᠭᠦᠯᠦᠯᠲᠡ ᠬᠢᠪᠡ᠃ | ᠬᠤᠷᠠᠯ ᠠᠴᠠ ᠡᠮᠦᠨ᠎ᠡ᠂ ᠬᠡᠯᠪᠡᠷᠢ ᠶᠢᠨ ᠲᠦᠷᠦ ᠶᠢᠨ ᠪᠣᠳᠣᠯᠭ᠎ᠠ ᠶᠢᠨ ᠵᠠᠳᠠᠯᠤᠯᠲᠠ ᠶᠢᠨ ᠬᠤᠷᠠᠯ ᠬᠤᠷᠠᠯᠳᠤᠭᠤᠯᠵᠤ᠂ ᠭᠦᠢᠴᠡᠳᠬᠡᠬᠦ ᠺᠣᠮᠢᠰ ᠤᠨ ᠬᠤᠷᠠᠯ ᠠᠴᠠ | ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠣᠶᠢᠷ᠎ᠠ ᠶᠢᠨ ᠬᠤᠭᠤᠴᠠᠭᠠᠨ ᠤ ᠠᠵᠢᠯ ᠢᠶᠠᠨ ᠳ᠋ᠦᠩᠨᠡᠵᠦ᠂ ᠠᠵᠢᠯ ᠤᠨ ᠮᠡᠳᠡᠭᠦᠯᠦᠯᠲᠡ ᠶᠢᠨ | ᠲᠤᠬᠠᠢ ᠰᠢᠢᠳᠪᠦᠷᠢ ︵ᠲᠥᠰᠥᠯ︶ ᠵᠢᠴᠢ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠵᠦᠢᠯᠡᠰ ᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠳᠠᠷᠠᠭᠠᠴᠢ ᠶᠢᠨ | ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ᠂ ᠬᠤᠷᠠᠯ ᠳᠤ ᠣᠷᠣᠯᠴᠠᠭᠰᠠᠨ ᠪᠦᠷᠢᠯᠳᠦᠭᠦᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠥᠭᠦᠷᠭᠡ ᠬᠤᠯᠪᠣᠭᠠᠰᠤ ᠪᠣᠯᠣᠨ ᠬᠠᠪᠰᠤᠷᠤᠭᠴᠢ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢ ᠭᠦᠨᠵᠡᠭᠡᠢ ᠠᠬᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ | ᠬᠠᠮᠵᠢᠯᠴᠠᠵᠤ᠂ ᠠᠵᠤ ᠠᠬᠤᠶᠢᠯᠠᠯ ᠳᠤ ᠲᠦᠷᠦ ᠶᠢᠨ ᠪᠣᠳᠣᠯᠭ᠎ᠠ ᠬᠦᠷᠭᠡᠵᠦ᠂ ᠦᠢᠯᠡᠴᠢᠯᠡᠭᠡ ᠬᠦᠷᠭᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | | |