5 ᠰᠠᠷ᠎ᠠ ᠶᠢᠨ 12 ᠤᠨ ᠡᠳᠦᠷ᠂ ᠵᠠᠯᠠᠨ ᠠᠶᠢᠯ ᠬᠤᠲᠠ 2025 ᠣᠨ ᠤ ᠬᠤᠶᠠᠳᠤᠭᠠᠷ ᠬᠤᠭᠤᠴᠠᠭᠠᠨ ᠤ ᠲᠤᠰᠬᠠᠢ ᠮᠡᠷᠭᠡᠵᠢᠯᠲᠡᠨ ᠤ ᠬᠢᠴᠢᠶᠡᠯ ᠤᠨ ᠲᠠᠩᠬᠢᠮ | ᠵᠢᠴᠢ ᠬᠤᠷᠸ᠎ᠠ ᠠᠵᠤ ᠠᠬᠤᠢ ᠶᠢᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠪᠡ᠃ ᠬᠤᠲᠠ ᠶᠢᠨ ᠤᠳᠤᠷᠢᠳᠤᠯᠭ᠎ᠠ ᠲᠢᠶᠠᠨ ᠰᠢᠦᠢ᠂ ᠭᠦᠸᠧ ᠫᠢᠩ᠂ | ᠯᠦ ᠶᠠ ᠭᠤᠸᠠᠩ᠂ ᠬᠠᠨ ᡁᠢ ᠯᠢ᠂ ᠰᠦᠨ ᠢᠦᠢ ᠴᠧᠨ ᠬᠤᠷᠠᠯ ᠳᠤ ᠣᠷᠣᠯᠴᠠᠵᠤ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠤᠯᠪᠣᠭᠳᠠᠯ ᠪᠦᠬᠦᠢ ᠬᠥᠮᠥᠰ ᠪᠣᠯᠪᠠᠰᠤᠷᠠᠯ ᠳᠤ ᠣᠷᠣᠯᠴᠠᠪᠠ᠃ ᠯᠦ ᠶᠠ ᠭᠤᠸᠠᠩ ᠬᠤᠷᠠᠯ ᠢ ᠡᠷᠬᠢᠯᠡᠭᠰᠡᠨ | ᠪᠥᠭᠡᠳ ᠬᠤᠷᠠᠯ ᠳᠤ ᠣᠷᠣᠯᠴᠠᠭᠰᠠᠨ ᠨᠢᠭᠡᠴᠡ ᠳᠤ ᠬᠠᠮᠢᠶ᠎ᠠ ᠪᠦᠬᠦᠢ ᠱᠠᠭᠠᠷᠳᠠᠯᠭ᠎ᠠ ᠳᠤᠷᠠᠳᠴᠠᠢ᠃ | ᠪᠣᠯᠪᠠᠰᠤᠷᠠᠯ ᠤᠨ ᠠᠩᠭᠢ ᠬᠥᠯᠥᠨ ᠪᠤᠶᠢᠷ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ | ᠳᠡᠳ᠋ ᠲᠣᠪᠴᠢᠶᠠᠨ ᠳᠠᠷᠤᠭ᠎ᠠ᠂ ᠳᠡᠭᠡᠳᠦ ᠵᠡᠷᠭᠡ ᠶᠢᠨ ᠪᠦᠷᠢᠳᠬᠡᠭᠴᠢ᠂ ᠳᠡᠭᠡᠳᠦ ᠵᠡᠷᠭᠡ ᠶᠢᠨ ᠢᠨᠵᠧᠨᠧᠷ ᠮᠢᠶᠣᠣ ᠶᠦᠩ ᠰᠢᠨ ᠢ ᠤᠷᠢᠵᠤ ᠲᠤᠰᠬᠠᠢ ᠰᠡᠳᠦᠪ ᠢᠶᠠᠷ | ᠬᠢᠴᠢᠶᠡᠯᠯᠡᠪᠡ᠃ GDP᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ᠂ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠡᠷᠭᠡ ᠬᠠᠮᠢᠶ᠎ᠠ ᠪᠦᠬᠦᠢ ᠮᠡᠳᠡᠯᠭᠡ ᠶᠢ | ᠲᠠᠶᠢᠯᠪᠤᠷᠢᠯᠠᠵᠤ᠂ ᠲᠡᠷᠡᠴᠢᠯᠡᠨ ᠵᠠᠯᠠᠨ ᠠᠶᠢᠯ ᠬᠤᠳᠠ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠲᠠᠢ ᠤᠶᠠᠯᠳᠤᠭᠤᠯᠤᠨ ᠪᠦᠬᠦ ᠲᠠᠯ᠎ᠠ ᠪᠠᠷ ᠵᠠᠳᠠᠯᠤᠯᠲᠠ ᠬᠢᠵᠦ᠂ | ᠤᠨᠤᠯ ᠤᠨ ᠲᠠᠯ᠎ᠠ ᠪᠠᠷ ᠬᠢ ᠥᠨᠳᠥᠷᠴᠡ ᠲᠠᠢ ᠪᠥᠭᠡᠳ ᠪᠣᠳᠠᠲᠠᠢ ᠠᠵᠢᠯᠯᠠᠬᠤ ᠦᠷᠳᠡᠭ ᠲᠠᠢ ᠪᠠᠶᠢᠵᠤ᠂ ᠮᠠᠨ ᠤ ᠬᠤᠳᠠ ᠶᠢᠨ ᠺᠠᠳ᠋ᠷᠴᠤᠳ ᠤᠨ ᠠᠵᠤ ᠠᠬᠤᠢ ᠶᠢᠨ | ᠠᠵᠢᠯ ᠤᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠮᠠᠨ ᠤ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ | ᠲᠤᠯᠭᠠᠭᠤᠷᠢᠯᠠᠯ ᠬᠠᠩᠭᠠᠨ᠎ᠠ᠃ | | |