ᠵᠠᠯᠠᠨ ᠠᠶᠢᠯ ᠬᠤᠲᠠ ᠶᠢᠰᠦᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 125 ᠳ᠋ᠤᠭᠠᠷ ᠤᠳᠠᠭᠠᠨ ᠤ ᠬᠤᠷᠠᠯ ᠵᠢᠴᠢ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/20
    5 ᠰᠠᠷ᠎ᠠ ᠶᠢᠨ 16 ᠤ ᠡᠳᠦᠷ᠂ ᠵᠠᠯᠠᠨ ᠠᠶᠢᠯ ᠬᠤᠲᠠ ᠶᠢᠰᠦᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 125 ᠳ᠋ᠤᠭᠠᠷ ᠬᠤᠷᠠᠯ ᠵᠢᠴᠢ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠬᠤᠷᠠᠯ ᠢ ᠡᠷᠭᠢᠯᠡᠪᠡ᠃       ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠬᠡᠰᠡᠭ ᠮᠤᠵᠢ ᠣᠷᠣᠨ ᠬᠤᠲᠠ ᠶᠢᠨ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠥᠯᠥᠨ ᠪᠤᠶᠢᠷ ᠬᠤᠲᠠ ᠶᠢᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠠᠩᠬᠠᠷᠴᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠ ᠬᠠᠷᠠᠯᠲᠠᠲᠤ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠵᠦ᠂ ᠲᠥᠷᠥ ᠶᠢᠨ ᠪᠣᠳᠣᠯᠭ᠎ᠠ ᠶᠢᠨ ᠬᠦᠴᠦᠯᠡᠬᠦ ᠴᠡᠭ ᠪᠠ ᠦᠢᠯᠡᠳᠦᠯᠭᠡ ᠶᠢᠨ ᠠᠷᠭ᠎ᠠ ᠵᠠᠮ ᠢ ᠣᠨᠣᠪᠴᠢᠲᠠᠶ ᠡᠷᠢᠨ ᠣᠯᠵᠤ᠂ ᠴᠢᠨᠠᠷ ᠰᠠᠶᠢᠲᠠᠢ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ᠂ ᠠᠶᠤᠯᠭᠦᠢ ᠦᠢᠯᠡᠳᠪᠦᠷᠢᠯᠡᠯ᠂  ᠠᠷᠤᠨ‌‍ᠴᠠᠢ ᠾᠧ ᠦᠵᠡᠮᠵᠢ ᠶᠢᠨ ᠣᠷᠣᠨ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠤᠯᠤᠰ ᠲᠦᠷᠦ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠥᠨᠳᠥᠷ ᠲᠦᠪᠰᠢᠨ ᠢᠶᠠᠷ ᠪᠡᠶᠡᠯᠡᠭᠦᠯᠬᠦ ᠬᠡᠷᠡᠭᠲᠡᠢ᠃    ᠬᠤᠷᠠᠯ ᠠᠴᠠ ᠪᠦᠬᠦ ᠬᠤᠲᠠ ᠶᠢᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠵᠤ᠂ ᠳᠡᠭᠡᠳᠦ ᠱᠠᠲᠤᠨ ᠤ ᠠᠵᠢᠯ ᠤᠨ ᠱᠠᠭᠠᠷᠳᠠᠯᠭ᠎ᠠ ᠪᠠ ᠭᠤᠣᠯᠳᠠᠯᠭ᠎ᠠ  ᠲᠠᠢ ᠠᠵᠢᠯ ᠤᠨ ᠡᠭᠦᠷᠭᠡ ᠶᠢᠨ ᠨᠠᠷᠢᠨ ᠳᠠᠩᠰᠠ ᠶᠣᠰᠣᠭᠠᠷ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ︽ᠨᠢᠭᠡ ᠵᠢᠷᠤᠭ︾ ︽ᠨᠢᠭᠡ ᠲᠣᠣᠷ︾ ᠢ ᠲᠦᠷᠭᠡᠳᠬᠡᠨ ᠪᠠᠶᠢᠭᠤᠯᠬᠤ ᠪᠠ ᠬᠤᠲᠠ ᠶᠢᠨ ᠬᠡᠪᠴᠢᠶᠡᠨ ᠳᠠᠬᠢ ᠨᠤᠲᠤᠭ ᠪᠡᠯᠴᠢᠭᠡᠷ ᠤᠨ ᠬᠡᠲᠦ ᠪᠡᠯᠴᠢᠭᠡᠷ ᠤᠨ ᠠᠰᠠᠭᠤᠳᠠᠯ ᠢ ᠰᠢᠢᠳᠪᠦᠷᠢᠯᠡᠬᠦ ᠶᠢ ᠲᠦᠷᠭᠡᠳᠬᠡᠵᠦ᠂ ᠣᠶ ᠰᠢᠭᠤᠢ ᠡᠪᠡᠰᠦ ᠪᠡᠯᠴᠢᠭᠡᠷ ᠢ ᠡᠪᠳᠡᠵᠦ ᠴᠢᠭᠢᠭ ᠢ ᠦᠭᠡᠶᠢᠬᠢᠵᠦ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠤᠨ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠢᠴᠢ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠦᠨ᠎ᠡ᠃    ᠬᠤᠷᠠᠯ ᠠᠴᠠ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠪᠠᠲᠤ ᠡᠭᠦᠷᠭᠡᠯᠡᠵᠦ᠂ ︽ᠰᠤᠷᠤᠯᠴᠠᠬᠤ︾ ᠶᠢ ᠢᠮᠠᠭᠲᠠ ᠲᠤᠤᠱᠯᠠᠭᠤᠯᠵᠤ᠂ ᠭᠤᠣᠯ ᠡᠭᠦᠷᠭᠡ ᠲᠠᠢ ᠤᠶᠠᠯᠳᠤᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ᠲᠦᠷᠦᠯ ᠬᠤᠪᠢᠶᠠᠨ ᠵᠢᠯᠤᠭᠤᠳᠬᠤ ᠶᠢ ᠴᠢᠩᠭᠠᠳᠬᠠᠵᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ᠰᠤᠷᠤᠯᠴᠠᠯᠭ᠎ᠠ ᠬᠥᠮᠦᠵᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠺᠠᠳ᠋ᠷ ᠤᠨ ᠰᠤᠷᠲᠠᠯ ᠤᠨ ᠶᠡᠭᠡ ᠬᠤᠪᠢᠷᠠᠯᠲᠠ᠂ ᠠᠵᠢᠯ ᠬᠢᠵᠦ ᠦᠢᠯᠡᠰ ᠪᠣᠰᠬᠠᠬᠤ ᠣᠷᠴᠢᠨ ᠲᠣᠭᠤᠷᠢᠨ ᠤ ᠶᠡᠭᠡ ᠳᠡᠭᠡᠭᠰᠢᠯᠡᠯᠲᠡ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠤᠨ ᠬᠢᠨᠠᠨ ᠵᠥᠪᠯᠡᠪᠡ᠃  
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ