ᠬᠠᠷᠢᠶ᠎ᠠ ᠣᠷᠣᠨ ᠤ ᠰᠠᠭᠤᠭᠠᠯᠢ ᠠᠷᠠᠳ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠴᠢᠩᠭᠠᠳᠬᠠᠵᠤ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠣᠶᠢᠯᠠᠭᠠᠭᠳᠠᠬᠤᠨ ᠢ ᠤᠯᠠᠮᠵᠢᠯᠠᠵᠤ᠂ ᠰᠠᠭᠤᠭᠠᠯᠢ ᠠᠷᠠᠳ ᠪᠣᠬᠢᠷᠲᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠶ᠎ᠠ ᠣᠷᠣᠨ ᠢ | ᠬᠠᠮᠲᠤᠪᠠᠷ ᠪᠠᠶᠢᠭᠤᠯᠬᠤ ᠶᠢ ᠰᠠᠨᠠᠭᠠᠴᠢᠯᠠᠬᠤ ᠶᠢᠨ ᠲᠥᠯᠥᠭᠡ᠂ ᠣᠶᠢᠷ᠎ᠠ ᠳᠤ᠂ ᠵᠧᠩ ᠶᠠᠩ ᠵᠡᠭᠡᠯᠢ ᠭᠤᠳᠤᠮᠵᠢ᠂ ᠮᠢᠨ ᠯᠧ ᠨᠡᠶᠢᠭᠡᠮ ᠲᠣᠭᠤᠷᠢᠭ ᠤᠨ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠪᠣᠯᠣᠨ ᠬᠠᠷᠢᠶ᠎ᠠ ᠣᠷᠣᠨ ᠤ ᠬᠠᠮᠲᠤ ᠶᠢᠨ ᠪᠠᠶᠢᠭᠤᠯᠤᠯᠲᠠ ᠶᠢᠨ ᠨᠢᠭᠡᠴᠡ ᠰᠠᠶᠢᠨ ᠳᠤᠷ᠎ᠠ ᠶᠢᠨ | ᠠᠵᠢᠯᠯᠠᠭᠴᠢ ᠶᠢ ᠵᠣᠬᠢᠶᠠᠨ ᠪᠠᠶᠢᠭᠤᠯᠵᠤ᠂ ︽ᠪᠣᠬᠢᠷᠲᠤᠯ ᠦᠭᠡᠢ ᠠᠵᠢᠯᠯᠠᠭ᠎ᠠ ᠳᠤ ᠣᠷᠣᠯᠴᠠᠵᠤ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠠᠭᠠᠯᠠᠬᠤ︾ ᠪᠠᠷ | ᠭᠤᠣᠯ ᠰᠡᠳᠦᠪ ᠪᠣᠯᠭᠠᠭᠰᠠᠨ ᠮᠣᠳᠣ ᠲᠠᠷᠢᠬᠤ ᠠᠵᠢᠯᠯᠠᠭ᠎ᠠ ᠶᠢ ᠬᠠᠮᠲᠤᠪᠠᠷ ᠥᠷᠨᠢᠭᠦᠯᠵᠡᠢ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠭᠠᠨ ᠬᠤᠶᠠᠭ ᠲᠠᠢ ᠰᠠᠶᠢᠨ ᠳᠤᠷ᠎ᠠ ᠶᠢᠨ ᠦᠢᠯᠡᠴᠢᠯᠡᠭᠴᠢᠳ ᠬᠠᠷᠢᠯᠴᠠᠨ ᠬᠠᠮᠵᠢᠯᠴᠠᠵᠤ᠂ ᠠᠵᠢᠯ ᠢᠶᠠᠨ | ᠬᠤᠪᠢᠳᠠᠨ ᠬᠠᠮᠵᠢᠯᠴᠠᠵᠤ᠂ ᠬᠦᠷᠵᠡ ᠬᠤᠷᠤᠶᠢᠯᠠᠵᠤ ᠰᠢᠷᠣᠢ ᠮᠠᠯᠲᠠᠬᠤ᠂ ᠮᠣᠳᠣ ᠶᠢ ᠵᠠᠯᠠᠵᠤ ᠨᠦᠬᠡ ᠶᠢ ᠪᠥᠭᠯᠡᠬᠦ᠂ ᠰᠢᠷᠣᠢ ᠭᠢᠰᠬᠢᠵᠦ ᠴᠢᠬᠢ ᠬᠠᠩᠳᠠᠬᠤ᠂ | ᠤᠰᠤᠯᠠᠬᠤ ᠵᠡᠷᠭᠡ ᠠᠵᠢᠯ ᠤᠨ ᠲᠡᠰ ᠳᠠᠷᠠᠭᠠᠯᠠᠯ ᠢ ᠥᠩᠭᠡᠷᠡᠭᠡᠵᠦ᠂ ᠰᠢᠷᠭᠠᠭᠤ ᠬᠠᠲᠠᠭᠤᠵᠢᠯᠲᠠᠢ ᠠᠵᠢᠯᠯᠠᠭᠰᠠᠨ ᠢᠶᠠᠷ ᠮᠣᠳᠣᠨ ᠴᠢᠬᠢ ᠰᠠᠯᠬᠢᠨ ᠤ ᠠᠶ᠎ᠠ ᠪᠠᠷ | ᠰᠦᠨᠳᠡᠷᠯᠡᠵᠦ᠂ ᠬᠠᠪᠤᠷ ᠤᠨ ᠤᠷᠢᠨ ᠨᠡᠷᠡᠨ ᠳᠤ ᠠᠩᠬᠢᠯᠤᠮ᠎ᠠ ᠦᠨᠦᠷ ᠬᠠᠩᠬᠤᠯᠵᠤ᠂ ᠰᠠᠭᠤᠭᠠᠯᠢ ᠠᠷᠠᠳ ᠤᠨ ᠲᠣᠭᠤᠷᠢᠭ ᠲᠤ ᠨᠣᠭᠤᠭᠠᠨ ᠥᠩᠭᠡ ᠨᠡᠮᠡᠷᠢᠯᠡᠵᠦ᠂ | ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠲᠤ ᠴᠡᠯᠡᠭᠡᠷ ᠨᠣᠭᠤᠭ᠎ᠠ ᠶᠢᠨ ᠰᠢᠨ᠎ᠡ ᠬᠦᠰᠡᠯ ᠡᠷᠡᠮᠡᠯᠵᠡᠯ ᠢ ᠪᠡᠯᠡᠳᠬᠡᠵᠦ ᠥᠭᠴᠡᠢ᠃ ᠰᠠᠭᠤᠭᠠᠯᠢ | ᠠᠷᠠᠳ ᠤᠳ ᠬᠤᠶᠢᠰᠢᠳᠠ ᠲᠣᠭᠲᠠᠮᠠᠯ ᠬᠤᠭᠤᠴᠠᠭ᠎ᠠ ᠲᠠᠢ ᠪᠠᠷ ᠲᠠᠷᠢᠮᠠᠯ ᠤᠨ ᠠᠵᠢᠯᠯᠠᠭ᠎ᠠ ᠥᠷᠨᠢᠭᠦᠯᠵᠦ᠂ ᠥᠪᠡᠷ ᠤᠨ ︽ᠭᠡᠷ ᠣᠷᠣᠨ︾ ᠢᠶᠠᠨ ᠭᠤᠶᠣᠵᠢᠭᠤᠯᠤᠨ | ᠬᠠᠮᠢᠶᠠᠷᠴᠤ᠂ ︽ᠪᠣᠬᠢᠷᠲᠤᠯ ᠦᠭᠡᠢ ᠭᠡᠷ ᠣᠷᠣᠨ︾ ᠤ ᠦᠷᠭᠦᠯᠵᠢᠯᠡᠬᠦ ᠬᠥᠭᠵᠢᠯᠲᠡ ᠶᠢ ᠪᠠᠲᠤᠯᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠵᠡᠭᠡᠪᠡ᠃ | ᠲᠣᠰ ᠤᠳᠠᠭᠠᠨ ᠤ ᠮᠣᠳᠣ ᠳᠠᠷᠢᠬᠤ ᠠᠵᠢᠯᠯᠠᠭ᠎ᠠ ᠳᠤ᠂ ᠰᠠᠶᠢᠨ ᠳᠤᠷ᠎ᠠ ᠶᠢᠨ ᠠᠵᠢᠯᠯᠠᠭᠴᠢᠳ ᠣᠷᠣᠯᠴᠠᠭᠰᠠᠳ ᠲᠤ ᠨᠣᠭᠤᠭᠠᠨ ᠥᠩᠭᠡ ᠶᠢ ᠬᠠᠶᠢᠷᠠᠯᠠᠵᠤ | ᠨᠣᠭᠤᠭᠠᠨ ᠥᠩᠭᠡ ᠶᠢ ᠬᠠᠮᠠᠭᠠᠯᠠᠬᠤ ᠮᠡᠳᠡᠯᠭᠡ ᠶᠢ ᠢᠳᠡᠪᠬᠢᠲᠡᠢ ᠪᠠᠷ ᠤᠬᠠᠭᠤᠯᠤᠨ ᠲᠦᠭᠡᠮᠡᠯᠵᠢᠭᠦᠯᠵᠦ᠂ ᠮᠣᠳᠣ ᠳᠠᠷᠢᠬᠤ ᠳᠤ ᠪᠡᠶ᠎ᠡ ᠪᠠᠷ ᠢᠶᠠᠨ ᠣᠷᠣᠯᠴᠠᠬᠤ ᠪᠠᠷ | ᠳᠠᠮᠵᠢᠭᠤᠯᠤᠨ᠂ ᠣᠯᠠᠨ ᠢᠶᠠᠷ ᠢᠶᠠᠨ ︽ᠨᠣᠭᠤᠭᠠᠨ ᠥᠩᠭᠡ ᠶᠢ ᠬᠠᠶᠢᠷᠠᠯᠠᠵᠤ ᠨᠣᠭᠤᠭᠠᠨ ᠥᠩᠭᠡ ᠶᠢ ᠬᠠᠮᠠᠭᠠᠯᠠᠬᠤ︾ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ | ᠪᠥᠬᠦ ᠠᠷᠠᠳ ᠢᠶᠠᠷ ᠢᠶᠠᠨ ᠭᠠᠷ ᠬᠤᠯᠪᠣᠯᠴᠠᠨ᠂ ᠪᠣᠬᠢᠷᠲᠤᠯ ᠦᠭᠡᠢ ᠭᠡᠷ ᠣᠷᠣᠨ ᠢᠶᠠᠨ ᠬᠠᠮᠲᠤ ᠪᠠᠷ ᠬᠠᠮᠠᠭᠠᠯᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠣᠶ | ᠪᠣᠯᠭᠠᠵᠤ᠂ ᠨᠣᠭᠤᠭᠠᠨ ᠥᠩᠭᠡ ᠶᠢ ᠬᠠᠶᠢᠷᠠᠯᠠᠬᠤ᠂ ᠨᠣᠭᠤᠭᠠᠨ ᠥᠩᠭᠡ ᠶᠢ ᠬᠠᠮᠠᠭᠠᠯᠠᠬᠤ ᠶᠢ ᠨᠢᠭᠡ ᠵᠦᠢᠯ ᠤᠨ ᠠᠮᠢᠳᠤᠷᠠᠯ ᠤᠨ ᠳᠠᠳᠬᠠᠯ ᠪᠣᠯᠭᠠᠬᠤ ᠶᠢᠨ ᠬᠠᠮᠲᠤ | ᠣᠷᠣᠰᠢᠨ ᠰᠠᠭᠤᠬᠤ ᠣᠷᠴᠢᠨ ᠲᠣᠭᠤᠷᠢᠨ ᠢᠶᠠᠨ ᠬᠠᠶᠢᠷᠠᠯᠠᠬᠤ ᠦᠢᠯᠡᠳᠦᠯᠭᠡ ᠳᠤ ᠢᠳᠡᠪᠬᠢᠲᠡᠢ ᠣᠷᠣᠯᠴᠠᠭᠤᠯᠤᠨ᠎ᠠ᠃ ᠳᠠᠷᠠᠭᠠᠴᠢ ᠶᠢᠨ ᠠᠯᠬᠤᠮ ᠳᠤ᠂ ᠵᠧᠩ ᠶᠠᠩ | ᠵᠡᠭᠡᠯᠢ ᠭᠤᠳᠤᠮᠵᠢ ᠶᠢᠨ ᠬᠢᠨ ᠪᠠᠰᠠ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠦᠷᠭᠦᠯᠵᠢᠯᠡᠨ ᠦᠢᠯᠡᠳᠦᠯᠭᠡᠵᠢᠭᠦᠯᠵᠦ᠂ ᠤᠯᠠᠨ ᠬᠡᠯᠪᠡᠷᠢ ᠶᠢᠨ | ᠪᠣᠬᠢᠷᠲᠤᠯ ᠦᠭᠡᠢ ᠲᠦᠷᠦᠯ ᠵᠦᠢᠯ ᠢ ᠥᠷᠨᠢᠭᠦᠯᠬᠦ ᠶᠢᠨ ᠬᠠᠮᠲᠤ᠂ ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠪᠦᠬᠦ ᠰᠠᠭᠤᠭᠠᠯᠢ ᠠᠷᠠᠳ ᠢ | ᠲᠠᠶᠢᠴᠢᠯᠠᠨ ᠣᠷᠣᠯᠴᠠᠭᠤᠯᠤᠨ᠎ᠠ᠃ ᠭᠠᠷ ᠬᠤᠯᠪᠣᠨ ᠴᠢᠷᠮᠠᠶᠢᠵᠤ ᠪᠠᠶᠢᠭᠠᠳ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠰᠠᠬᠢᠨ ᠬᠠᠮᠠᠭᠠᠯᠠᠵᠤ᠂ ᠬᠠᠷᠢᠶ᠎ᠠ | ᠣᠷᠣᠨ ᠢᠶᠠᠨ ᠢᠮᠠᠭᠲᠠ ᠨᠣᠭᠤᠭᠠᠨ ᠥᠩᠭᠡ ᠪᠠᠷ ᠪᠢᠯᠬᠠᠭᠤᠯᠵᠤ᠂ ᠤᠯᠠᠨ ᠢᠶᠠᠷ ᠢᠶᠠᠨ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠬᠤ | ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠤᠨ᠎ᠠ᠃ | | |