ᠳᠠᠭᠤᠷ ᠦᠨᠳᠦᠰᠦᠲᠡᠨ ᠤ ᠰᠢᠶᠠᠩ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠭᠤᠷᠪᠠᠳᠤᠭᠠᠷ ᠤᠳᠠᠭ᠎ᠠ ᠶᠢᠨ ᠠᠵᠢᠯ ᠢ ᠠᠬᠢᠭᠤᠯᠬᠤ ᠬᠤᠷᠠᠯ ᠵᠢᠴᠢ ᠭᠤᠣᠯ ︵ᠨᠠᠭᠤᠷ︶ ᠤᠨ ᠳᠠᠷᠤᠭ᠎ᠠ ᠶᠢᠨ ᠳᠦᠷᠢᠮ ᠤᠨ ᠳᠥᠷᠪᠡᠳᠦᠭᠡᠷ ᠤᠳᠠᠭ᠎ᠠ ᠶᠢᠨ ᠠᠵᠢᠯ ᠢ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2025/5/20
    5 ᠰᠠᠷ᠎ᠠ ᠶᠢᠨ 19 ᠤ ᠡᠳᠦᠷ᠂ ᠳᠠᠭᠤᠷ ᠦᠨᠳᠦᠰᠦᠲᠡᠨ ᠤ ᠰᠢᠶᠠᠩ ᠳᠤ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠭᠤᠷᠪᠠᠳᠤᠭᠠᠷ ᠤᠳᠠᠭᠠᠨ ᠤ ᠠᠵᠢᠯ ᠢ ᠲᠦᠯᠬᠢᠨ ᠠᠬᠢᠭᠤᠯᠬᠤ ᠬᠤᠷᠠᠯ ᠵᠢᠴᠢ ᠭᠤᠣᠯ ︵ᠨᠠᠭᠤᠷ︶ ᠤᠨ ᠳᠠᠷᠤᠭ᠎ᠠ ᠶᠢᠨ ᠳᠦᠷᠢᠮ ᠤᠨ ᠳᠥᠷᠪᠡᠳᠦᠭᠡᠷ ᠤᠳᠠᠭᠠᠨ ᠤ ᠠᠵᠢᠯ ᠢ ᠲᠦᠯᠬᠢᠨ ᠠᠬᠢᠭᠤᠯᠬᠤ ᠬᠤᠷᠠᠯ ᠬᠢᠪᠡ᠂ ᠬᠤᠷᠠᠯ ᠢ ᠰᠢᠶᠠᠩ ᠤᠨ ᠨᠠᠮ ᠤᠨ ᠬᠤᠷᠢᠶᠠᠨ ᠤ ᠱᠦᠵᠢ ᠡᠷᠭᠢᠯᠡᠵᠦ᠂ ᠰᠢᠶᠠᠩ ᠤᠨ ᠨᠠᠮ ᠵᠠᠰᠠᠭ ᠤᠨ ᠪᠠᠭ ᠤᠨ ᠪᠦᠷᠢᠯᠳᠦᠭᠦᠨ᠂ ᠡᠯ᠎ᠡ ᠲᠣᠰᠬᠤᠨ ᠤ ᠱᠦᠵᠢ᠂ ᠴᠢᠩᠭᠢᠰ ᠬᠠᠭᠠᠨ ᠤ ᠣᠶ ᠰᠢᠭᠤᠢ ᠶᠢᠨ ᠲᠠᠯᠠᠪᠠᠶ ᠪᠣᠯᠣᠨ ᠮᠢᠶᠣᠣ ᠡᠯ ᠱᠠᠨ ᠣᠶ ᠰᠢᠭᠤᠢ ᠶᠢᠨ ᠲᠠᠯᠠᠪᠠᠶ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃    ᠬᠤᠷᠠᠯ ᠳᠡᠭᠡᠷ᠎ᠡ᠂ ᠰᠢᠶᠠᠩ ᠤᠨ ᠨᠠᠮ ᠤᠨ ᠬᠤᠷᠢᠶ᠎ᠠ ᠶᠢᠨ ᠱᠦᠵᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ 2025 ᠣᠨ ᠤ 1 ᠳ᠋ᠦ᠋ᠭᠡᠷ ᠲᠣᠭᠠᠲᠤ ᠶᠡᠷᠦᠩᠬᠡᠢ ᠣᠶ ᠰᠢᠭᠤᠢ ᠶᠢᠨ ᠳᠠᠷᠤᠭ᠎ᠠ ᠶᠢᠨ ᠵᠠᠷᠯᠢᠭ︾ ᠪᠠ ︽ᠥᠪᠥᠷ ᠮᠣᠩᠭᠤᠯ 2025 ᠣᠨ ᠤ 1  ᠳ᠋ᠦ᠋ᠭᠡᠷ ᠲᠣᠭᠠᠲᠤ ᠶᠡᠷᠦᠩᠬᠡᠢ ᠭᠤᠣᠯ ᠨᠠᠭᠤᠷ ᠴᠥᠭᠦᠷᠥᠮ ᠤᠨ ᠳᠠᠷᠤᠭ᠎ᠠ ᠶᠢᠨ ᠵᠠᠷᠯᠢᠭ ᠲᠤ ᠭᠠᠷ ᠤᠨ ᠥᠰᠥᠭ ᠵᠢᠷᠤᠵᠤ ᠶᠠᠪᠤᠭᠤᠯᠬᠤ︾ ᠶᠢ ᠳᠠᠭᠠᠭᠤᠯᠤᠨ ᠰᠤᠷᠤᠯᠴᠠᠪᠠ᠃ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠩ ᠤᠨ ᠳᠠᠷᠤᠭ᠎ᠠ ︽ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠠᠰᠠᠭᠤᠳᠠᠯ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠬᠦ ᠲᠤᠬᠠᠢ ᠵᠠᠷᠯᠢᠭ︾ ᠪᠠ ︽︿ᠵᠠᠯᠠᠨ ᠠᠶᠢᠯ ᠬᠤᠲᠠ ᠶᠢᠨ 2025 ᠣᠨ ᠤ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠤᠨ ᠭᠤᠣᠯᠳᠠᠯᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠢ ᠵᠠᠷᠯᠢᠭ︾ ᠢ ᠵᠠᠷᠯᠠᠨ ᠮᠡᠳᠡᠭᠳᠡᠪᠡ᠃ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠰᠢᠶᠠᠩ ᠤᠨ ᠳᠠᠷᠤᠭ᠎ᠠ᠂ ᠴᠢᠩᠭᠢᠰ ᠬᠠᠭᠠᠨ ᠤ ᠣᠶ ᠰᠢᠭᠤᠢ ᠶᠢᠨ ᠲᠠᠯᠠᠪᠠᠶ ᠪᠣᠯᠣᠨ ᠮᠢᠶᠣᠣ ᠡᠯ ᠱᠠᠨ ᠣᠶ ᠰᠢᠭᠤᠢ ᠶᠢᠨ ᠲᠠᠯᠠᠪᠠᠶ ᠶᠢᠨ ᠬᠠᠷᠢᠭᠤᠴᠠᠯᠭᠠᠲᠠᠨ ᠨᠠᠷ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ᠂ ᠣᠶ ᠰᠢᠭᠤᠢ ᠡᠪᠡᠰᠦ ᠪᠡᠯᠴᠢᠭᠡᠷ ᠢ ᠡᠪᠳᠡᠵᠦ ᠴᠢᠭᠢᠭ ᠢ ᠡᠪᠳᠡᠬᠦ ᠠᠵᠢᠯᠯᠠᠭ᠎ᠠ ᠳᠤ ᠴᠣᠬᠢᠯᠲᠠ ᠥᠭᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠲᠣᠰ ᠲᠣᠰ ᠬᠠᠷᠢᠭᠤ ᠮᠡᠳᠡᠭᠦᠯᠦᠯᠲᠡ ᠬᠢᠪᠡ᠃    ᠬᠤᠷᠠᠯ ᠠᠴᠠ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠪᠠᠲᠤ ᠡᠭᠦᠷᠭᠡᠯᠡᠬᠦ ᠬᠡᠷᠡᠭᠲᠡᠢ᠃ ᠬᠤᠶᠠᠷ ︽1  ᠳ᠋ᠦ᠋ᠭᠡᠷ ᠲᠣᠭᠠᠲᠤ ᠵᠠᠷᠯᠢᠭ︾ ᠤᠨ ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ ᠣᠶ ᠰᠢᠭᠤᠢ ᠶᠢᠨ ᠳᠠᠷᠤᠭ᠎ᠠ ᠶᠢᠨ ᠳᠦᠷᠢᠮ᠂ ᠭᠤᠣᠯ ᠮᠥᠷᠡᠨ ︵ᠨᠠᠭᠤᠷ︶ ᠤ ᠳᠠᠷᠤᠭ᠎ᠠ ᠶᠢᠨ ᠳᠦᠷᠢᠮ ᠤᠨ ᠬᠠᠷᠢᠭᠤᠴᠠᠯᠭ᠎ᠠ ᠶᠢ ᠠᠵᠢᠯ ᠤᠨ ᠪᠠᠶᠢᠷᠢ ᠪᠠ ᠬᠥᠮᠥᠨ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠠᠮᠢ ᠠᠬᠤᠢ ᠶᠢ ᠰᠠᠬᠢᠨ ᠬᠠᠮᠠᠭᠠᠯᠠᠬᠤ ᠠᠵᠢᠯᠯᠠᠭᠠᠨ ᠤ ᠤᠬᠠᠮᠰᠠᠷ ᠢ ᠴᠢᠩᠭᠠᠳᠬᠠᠬᠤ ᠬᠡᠷᠡᠭᠲᠡᠢ᠃ ᠬᠤᠶᠠᠷ ᠲᠤ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠪᠠ᠃ ᠡᠬᠢ ᠪᠠᠶᠠᠯᠢᠭ ᠤᠨ ᠬᠠᠮᠠᠭᠠᠯᠠᠯᠲᠠ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠨ᠎ᠠ᠃ ᠲᠣᠭᠤᠷᠢᠨ ᠬᠠᠮᠠᠭᠠᠯᠠᠬᠤ ᠠᠵᠢᠯ  ᠤᠨ ᠲᠠᠪᠲᠠᠴᠠ ᠪᠠᠨ ᠨᠡᠮᠡᠭᠳᠡᠭᠦᠯᠵᠦ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ︔ ᠤᠬᠠᠭᠤᠯᠭ᠎ᠠ ᠶᠢᠨ ᠠᠵᠢᠯ ᠢ ᠠᠶᠢᠯ ᠲᠣᠰᠬᠤᠨ ᠳᠤ ᠭᠦᠨᠵᠡᠭᠡᠶᠢᠷᠡᠭᠦᠯᠵᠦ᠂ ᠤᠯᠠᠨ ᠲᠦᠮᠡᠨ ᠤ ᠠᠮᠢ ᠠᠬᠤᠢ ᠶᠢᠨ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ︔ ᠰᠢᠯᠭᠠᠨ ᠬᠢᠨᠠᠬᠤ ᠠᠵᠢᠯ  ᠤᠨ ᠪᠠᠷᠢᠮᠵᠢᠶ᠎ᠠ ᠶᠢ ᠴᠢᠩᠳᠠᠯᠠᠵᠤ᠂ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠬᠤ ᠬᠡᠷᠡᠭᠲᠡᠢ︔ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠷᠢᠯᠴᠠᠨ ᠲᠦᠯᠬᠢᠯᠴᠡᠬᠦ ᠶᠢ ᠡᠷᠡᠰ ᠬᠤᠷᠢᠭᠯᠠᠬᠤ ᠬᠡᠷᠡᠭᠲᠡᠢ︔ ᠴᠣᠬᠢᠯᠲᠠ ᠥᠭᠴᠦ ᠰᠢᠢᠳᠪᠦᠷᠢᠯᠡᠬᠦ ᠠᠵᠢᠯ ᠳᠤ ︽ᠭᠤᠷᠪᠠ ᠶᠢ ᠲᠡᠷᠢᠭᠦᠨ ᠳᠤ ᠲᠠᠯᠪᠢᠬᠤ︾ ᠵᠠᠷᠴᠢᠮ ︵ᠲᠡᠷᠡ ᠳᠠᠷᠤᠢ ᠳᠤᠨᠢ ᠮᠡᠳᠡᠭᠦᠯᠵᠦ᠂ ᠭᠡᠷᠡᠴᠢ ᠠᠪᠴᠤ᠂ ᠬᠤᠷᠢᠭᠯᠠᠨ ᠵᠣᠭᠰᠤᠭᠠᠬᠤ︶ ᠢ ᠪᠠᠷᠢᠮᠲᠠᠯᠠᠨ᠂ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠭᠤᠷᠪᠠ ᠳᠤ᠂ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠤᠨ᠎ᠠ᠃ ᠰᠠᠯᠠᠭ᠎ᠠ ᠮᠥᠴᠢᠷ ᠤᠨ ᠪᠠᠬᠢᠯᠡᠯᠲᠡ ᠶᠢ ᠡᠪᠳᠡᠵᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠪᠠ ᠬᠠᠮᠲᠤᠷᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠤᠯᠠᠨ ᠲᠦᠮᠡᠨ ᠢ ᠳᠠᠶᠢᠴᠢᠯᠠᠨ ᠬᠢᠨᠠᠯᠲᠠ ᠲᠠᠯᠪᠢᠬᠤ ᠳᠤ ᠣᠷᠣᠯᠴᠠᠭᠤᠯᠵᠤ ᠂ ᠬᠠᠮᠲᠤᠪᠠᠷ ᠵᠠᠰᠠᠬᠤ ᠪᠠᠶᠢᠷᠢᠰᠢᠯ ᠢ ᠪᠠᠶᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠪᠣᠯᠣᠨ ᠣᠣᠭᠤᠬᠤ ᠣᠰᠣᠨ ᠤ ᠠᠮᠤᠷ ᠲᠦᠪᠰᠢᠨ ᠳᠤ ᠪᠠᠲᠤ ᠪᠠᠬᠢ ᠬᠠᠯᠬᠠᠪᠴᠢ ᠶᠢ ᠪᠠᠶᠢᠭᠤᠯᠵᠤ ᠥᠭᠭᠦᠨ᠎ᠡ᠃  
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ