︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ ᠭᠦᠢᠴᠡᠳᠬᠡᠬᠦ ᠴᠤᠪᠤᠷᠠᠯ ᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠠᠵᠢᠯ ᠤᠨ ᠬᠠᠭᠤᠳᠠᠰᠤ ᠶᠢ ᠬᠠᠷᠢᠭᠤᠯᠬᠤ ᠶᠠᠰᠤ ᠴᠢᠨᠠᠷ ᠪᠠ ᠣᠯᠠᠨ ᠲᠦᠮᠡᠨ ᠤ ᠬᠠᠨᠤᠮᠵᠢ ᠶᠢᠨ ᠨᠣᠷᠮ᠎ᠠ ᠶᠢ ᠳᠡᠭᠡᠭᠰᠢᠯᠡᠭᠦᠯᠬᠦ ᠶᠢᠨ | ᠲᠤᠰᠠᠳᠠ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠨ᠎ᠡ᠃ ᠣᠶᠢᠷ᠎ᠠ ᠳᠤ᠂ ᠳ᠋ᠠ ᠾᠧ ᠸᠠᠨ ᠪᠠᠯᠭᠠᠰᠤ ︽12345︾ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠤ ᠠᠵᠢᠯ ᠢ ᠲᠦᠯᠬᠢᠨ ᠠᠬᠢᠭᠤᠯᠬᠤ ᠬᠤᠷᠠᠯ ᠬᠢᠵᠦ᠂ ᠳ᠋ᠠ ᠾᠧ ᠸᠠᠨ ᠪᠠᠯᠭᠠᠰᠤᠨ ᠤ ᠨᠠᠮ ᠤᠨ | ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ ᠵᠠᠩ ᠶᠣᠸᠠᠨ ᠬᠤᠷᠠᠯ ᠢ ᠡᠷᠭᠢᠯᠡᠵᠦ᠂ ᠪᠠᠯᠭᠠᠰᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯᠲᠠᠳ | ᠬᠤᠷᠠᠯ ᠳᠤ ᠣᠷᠣᠯᠴᠠᠵᠠᠢ᠃ | ᠬᠤᠷᠠᠯ ᠳᠡᠭᠡᠷ᠎ᠡ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠭᠤᠨ ᠤᠲᠠᠰᠤᠨ ᠤ ᠠᠵᠢᠯ ᠤᠨ ᠬᠠᠭᠤᠳᠠᠰᠤ ᠶᠢ ᠭᠦᠢᠴᠡᠳᠬᠡᠬᠦ ᠶᠢ ᠲᠦᠯᠬᠢᠨ | ᠠᠬᠢᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠵᠦ᠂ ᠣᠳᠣᠬᠠᠨ ᠤ ᠠᠭᠤᠯᠠ ᠰᠢᠭᠤᠢ ᠶᠢᠨ ᠭᠠᠵᠠᠷ ᠰᠢᠷᠣᠢ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ | ᠣᠷᠣᠭᠤᠯᠤᠯᠲᠠ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠳᠠᠩᠰᠠᠯᠠᠯᠲᠠ ᠵᠡᠷᠭᠡ ᠳᠤ ᠬᠤᠯᠪᠣᠭᠳᠠᠭᠰᠠᠨ ᠠᠵᠢᠯ ᠤᠨ ᠬᠠᠭᠤᠳᠠᠰᠤ ᠶᠢᠨ ᠲᠤᠭ᠎ᠠ ᠪᠠᠷᠢᠮᠲᠠ ᠳᠤ | ᠪᠥᠬᠦ ᠲᠠᠯ᠎ᠠ ᠶᠢᠨ ᠵᠠᠳᠠᠯᠤᠯᠲᠠ ᠬᠢᠵᠦ᠂ ᠣᠳᠣᠬᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠵᠢᠭᠠᠵᠤ | ᠭᠠᠷᠭᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ | ᠬᠤᠷᠠᠯ ᠠᠴᠠ᠂ ᠪᠠᠯᠭᠠᠰᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠄ | ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠯᠠᠮᠰᠢᠯ ᠤᠲᠠᠰᠤᠨ ᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠬᠠᠯᠠᠮᠰᠢᠯ | ᠤᠲᠠᠰᠤᠨ ᠤ ᠭᠦᠢᠴᠡᠳᠬᠡᠬᠦ ᠶᠠᠰᠤ ᠴᠢᠨᠠᠷ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠩ ᠥᠨᠳᠥᠷ ᠪᠠᠷᠢᠮᠵᠢᠶ᠎ᠠ ᠪᠣᠯᠣᠨ ᠱᠠᠭᠠᠷᠳᠠᠯᠭ᠎ᠠ ᠪᠠᠷ | ᠠᠵᠢᠯ ᠤᠨ ᠡᠭᠦᠷᠭᠡ ᠪᠠᠨ ᠪᠡᠶᠡᠯᠡᠭᠦᠯᠬᠦ ᠬᠡᠷᠡᠭᠲᠡᠢ︔ ᠬᠤᠶᠠᠷ ᠲᠤ᠂ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠵᠤ᠂ ᠬᠠᠮᠵᠢᠯᠴᠠᠨ ᠬᠠᠮᠲᠤᠷᠠᠯᠴᠠᠬᠤ ᠶᠢ | ᠭᠦᠨᠵᠡᠭᠡᠶᠢᠷᠡᠭᠦᠯᠵᠦ᠂ ᠡᠯ᠎ᠡ ᠠᠵᠢᠯ ᠲᠦᠷᠦᠯ ᠤᠨ ᠰᠠᠯᠠᠭ᠎ᠠ ᠮᠥᠴᠢᠷ ᠤᠨ ᠬᠤᠭᠤᠷᠣᠨᠳᠤ ᠪᠠᠨ ᠣᠯᠣᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ | ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠤᠯᠠᠨ ᠲᠦᠮᠡᠨ ᠤ ᠲᠤᠰᠬᠠᠭᠰᠠᠨ ︽ᠬᠦᠴᠢᠷ ᠲᠦᠪᠡᠭᠲᠡᠢ ᠬᠡᠮ ᠠᠷᠬᠠᠭ︾ ᠢ ᠬᠠᠮᠲᠤᠪᠠᠷ ᠰᠢᠢᠳᠪᠦᠷᠢᠯᠡᠵᠦ᠂ ᠤᠯᠠᠨ | ᠲᠦᠮᠡᠨ ᠳᠤ ᠨᠡᠩ ᠰᠢᠯᠢᠳᠡᠭ ᠦᠢᠯᠡᠴᠢᠯᠡᠭᠡ ᠬᠠᠩᠭᠠᠬᠤ ᠬᠡᠷᠡᠭᠲᠡᠢ︔ ᠭᠤᠷᠪᠠ ᠳᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠬᠠᠯᠠᠮᠰᠢᠯ | ᠤᠲᠠᠰᠤᠨ ᠤ ᠲᠤᠭ᠎ᠠ ᠪᠠᠷᠢᠮᠲᠠ ᠶᠢ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠵᠤ᠂ ᠲᠤᠭ᠎ᠠ ᠪᠠᠷᠢᠮᠲᠠ ᠶᠢᠨ ᠳᠣᠲᠣᠷ᠎ᠠ ᠠᠴᠠ ᠮᠡᠳᠡᠭᠡ ᠵᠠᠩᠭᠢ ᠶᠢ ᠠᠭᠤᠳᠠᠯᠵᠤ | ᠂ ᠲᠤᠭ᠎ᠠ ᠪᠠᠷᠢᠮᠲᠠ ᠶᠢᠨ ᠰᠢᠢᠳᠪᠦᠷᠢᠲᠦ ᠪᠣᠳᠣᠯᠭ᠎ᠠ ᠬᠢᠬᠦ ᠳᠤ ᠲᠤᠰᠠᠯᠠᠬᠤ ᠴᠢᠳᠠᠪᠬᠢ ᠶᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠰᠢᠢᠳᠪᠦᠷᠢᠲᠦ | ᠪᠣᠳᠣᠯᠭ᠎ᠠ ᠲᠣᠭᠲᠠᠭᠠᠬᠤ ᠳᠤ ᠬᠦᠴᠦᠲᠡᠢ ᠳᠡᠮᠵᠢᠯᠭᠡ ᠬᠠᠩᠭᠠᠨ᠎ᠠ᠃ | | |