ᠤᠯᠤᠰ ᠤᠨ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ | ᠲᠠᠷᠢᠶᠠᠯᠠᠩ ᠤᠨ ᠦᠢᠯᠡᠳᠪᠦᠷᠢᠯᠡᠯ ᠤᠨ ᠠᠮᠤᠷ ᠲᠦᠪᠰᠢᠨ ᠢ ᠦᠨᠡᠨᠬᠦ ᠪᠠᠲᠤᠯᠠᠵᠤ᠂ 5 ᠰᠠᠷ᠎ᠠ ᠶᠢᠨ 19 ᠤ ᠡᠳᠦᠷ᠂ ᠸᠧ ᠨᠢᠦ ᠡᡁᠸ ᠪᠠᠯᠭᠠᠰᠤ ᠶᠢᠨ ᠬᠢᠨ 2025 | ᠣᠨ ᠤ ᠲᠠᠷᠢᠶᠠᠯᠠᠩ ᠤᠨ ᠳᠠᠭᠠᠳᠬᠠᠯ ᠤᠨ ᠡᠬᠢᠯᠡᠯᠲᠡ ᠶᠢᠨ ᠬᠤᠷᠠᠯ ᠵᠢᠴᠢ ᠬᠤᠳᠠᠯᠳᠤᠭᠠᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ | ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠣᠣ ᠶᠢᠨ ᠱᠧᠩ ᠬᠤᠷᠠᠯ ᠢ ᠡᠷᠬᠢᠯᠡᠵᠦ᠂ ᠪᠠᠯᠭᠠᠰᠤᠨ ᠤ | ᠨᠠᠮ ᠤᠨ ᠬᠤᠷᠢᠶ᠎ᠠ ᠶᠢᠨ ᠳᠡᠳ᠋ ᠱᠦᠵᠢ᠂ ᠪᠠᠯᠭᠠᠰᠤᠨ ᠤ ᠳᠠᠷᠤᠭ᠎ᠠ ᠯᠢ ᠵᠧᠨ ᠬᠤᠸᠠ᠂ ᠽᠢ ᠶᠢᠨ ᠳᠠᠭᠠᠳᠬᠠᠯ ᠤᠨ ᠺᠣᠮᠫᠠᠨᠢ ᠶᠢᠨ ᠬᠠᠮᠢᠶ᠎ᠠ ᠪᠦᠬᠦᠢ ᠤᠳᠤᠷᠢᠳᠤᠯᠭ᠎ᠠ | ᠵᠢᠴᠢ ᠲᠤᠬᠠᠶᠢᠯᠠᠭᠰᠠᠨ ᠠᠵᠢᠯ ᠤᠨ ᠠᠵᠢᠯᠲᠠᠨ ᠪᠣᠯᠣᠨ ᠪᠦᠬᠦ ᠪᠠᠯᠭᠠᠰᠤᠨ ᠤ 13 ᠵᠠᠰᠠᠭ ᠵᠠᠬᠢᠷᠭᠠᠨ ᠤ ᠲᠣᠰᠬᠤᠨ ᠤ ᠳᠠᠭᠠᠳᠬᠠᠯ ᠤᠨ ᠲᠤᠰᠠᠯᠠᠭᠴᠢ ᠬᠤᠷᠠᠯ ᠳᠤ | ᠣᠷᠣᠯᠴᠠᠪᠠ᠃ | ᠬᠤᠷᠠᠯ ᠳᠡᠭᠡᠷ᠎ᠡ᠂ ᠽᠢ ᠶᠢᠨ ᠳᠠᠭᠠᠳᠬᠠᠯ ᠤᠨ ᠳᠠᠭᠠᠭᠠᠮᠠᠯ 2025 ᠣᠨ ᠤ ᠲᠠᠷᠢᠶᠠᠯᠠᠩ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠤᠬᠠᠢ | ᠰᠢᠰᠲ᠋ᠧᠮ ᠲᠠᠢ ᠲᠠᠶᠢᠯᠤᠮᠵᠢ ᠬᠢᠵᠦ᠂ ᠡᠨᠡ ᠵᠢᠯ ᠤᠨ ᠲᠠᠷᠢᠮᠠᠯ ᠤᠨ ᠦᠢᠯᠡᠰ ᠤᠨ ᠳᠠᠭᠠᠳᠬᠠᠯ ᠤᠨ ᠵᠠᠷᠤᠳᠠᠯ ᠤᠨ ᠨᠣᠷᠮ᠎ᠠ ᠶᠢᠨ ᠬᠦᠰᠦᠨᠦᠭᠲᠦ ᠶᠢᠨ ᠪᠦᠷᠢᠯᠳᠦᠯ ᠬᠢᠭᠡᠳ | ᠳᠠᠭᠠᠳᠬᠠᠭᠤᠯᠤᠭᠰᠠᠨ ᠲᠠᠷᠢᠮᠠᠯ ᠤᠨ ᠲᠥᠷᠥᠯ ᠵᠦᠢᠯ ᠤᠨ ᠲᠤᠬᠠᠢ ᠲᠠᠶᠢᠯᠤᠮᠵᠢ ᠬᠢᠭᠰᠡᠨ ᠪᠥᠭᠡᠳ ᠳᠠᠭᠠᠳᠬᠠᠯ ᠳᠤ ᠣᠷᠣᠬᠤ ᠲᠣᠳᠣᠷᠬᠠᠢ ᠬᠠᠭᠤᠳᠠᠰᠤ ᠶᠢ ᠲᠠᠭᠯᠠᠨ | ᠪᠢᠴᠢᠬᠦ ᠳᠤ ᠠᠩᠬᠠᠷᠬᠤ ᠵᠦᠢᠯᠡᠰ ᠢ ᠨᠠᠷᠢᠨ ᠲᠠᠨᠢᠯᠴᠠᠭᠤᠯᠪᠠ᠃ ᠳᠠᠭᠠᠳᠬᠠᠯ ᠤᠨ ᠺᠣᠮᠫᠠᠨᠢ ᠶᠢᠨ ᠮᠡᠷᠭᠡᠵᠢᠯ ᠤᠨ ᠪᠦᠯᠬᠦᠮ ᠨᠢ ᠳᠠᠭᠠᠳᠬᠠᠯ ᠤᠨ ᠨᠡᠶᠢᠭᠡᠮᠯᠢᠭ ᠤᠨ | ᠠᠵᠢᠯᠲᠠᠨ ᠤ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠳᠤᠷᠠᠳᠤᠭᠰᠠᠨ 3 ᠲᠥᠷᠥᠯ ᠤᠨ ᠨᠡᠶᠢᠲᠡᠴᠢ ᠴᠢᠨᠠᠷᠲᠠᠢ ᠠᠰᠠᠭᠤᠳᠠᠯ ᠳᠤ ᠴᠢᠭᠯᠡᠭᠦᠯᠦᠨ ᠲᠤᠬᠠᠢ ᠶᠢᠨ | ᠲᠠᠯᠠᠪᠤᠷ ᠲᠤᠨᠢ ᠲᠥᠯᠥᠪᠦᠷᠢ ᠥᠭᠬᠦ ᠠᠵᠢᠯᠯᠠᠭᠠᠨ ᠤ ᠴᠤᠪᠤᠷᠠᠯ ᠢ ᠲᠠᠶᠢᠯᠪᠤᠷᠢᠯᠠᠵᠤ᠂ ᠰᠢᠢᠳᠪᠦᠷᠢᠯᠡᠬᠦ ᠠᠷᠭ᠎ᠠ ᠶᠢ ᠳᠤᠷᠠᠳᠤᠨ ᠭᠠᠷᠭᠠᠪᠠ᠃ | ᠲᠤᠰ ᠤᠳᠠᠭᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠢᠶᠠᠷ ᠳᠡᠮᠵᠢᠨ ᠥᠷᠭᠡᠨ ᠣᠯᠠᠨ ᠳᠠᠭᠠᠳᠬᠠᠯ ᠤᠨ ᠬᠠᠮᠵᠢᠯᠴᠠᠭᠴᠢ ᠶᠢᠨ | ᠲᠠᠷᠢᠶᠠᠯᠠᠩ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠤᠬᠠᠢ ᠣᠶᠢᠯᠠᠭᠠᠯᠲᠠ ᠶᠢᠨ ᠭᠦᠨᠴᠡ ᠪᠠ ᠲᠤᠬᠠᠶᠢᠯᠠᠭᠰᠠᠨ ᠠᠵᠢᠯ ᠤᠨ ᠪᠣᠳᠠᠲᠠᠢ ᠪᠣᠯᠪᠠᠰᠤᠷᠠᠯ ᠤᠨ | ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠬᠤᠶᠢᠰᠢᠳᠠ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠥᠷᠭᠡᠨ ᠣᠯᠠᠨ ᠲᠠᠷᠢᠶᠠᠴᠢᠨ ᠡᠷᠦᠬᠡ ᠳᠤ | ᠲᠠᠷᠢᠶᠠᠯᠠᠩ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠪᠠ ᠴᠢᠬᠤᠯᠠ ᠴᠢᠨᠠᠷ ᠢ ᠨᠠᠩ ᠪᠥᠬᠦ ᠲᠠᠯ᠎ᠠ ᠪᠠᠷ᠂ ᠨᠠᠩ ᠲᠣᠳᠣᠷᠬᠠᠢ ᠣᠶᠢᠯᠠᠭᠠᠭᠤᠯᠵᠤ᠂ ᠲᠠᠷᠢᠶᠠᠴᠢᠨ | ᠡᠷᠦᠬᠡ ᠶᠢᠨ ᠳᠠᠭᠠᠳᠬᠠᠯ ᠳᠤ ᠣᠷᠣᠯᠴᠠᠬᠤ ᠤᠬᠠᠮᠰᠠᠷ ᠢ ᠳᠡᠭᠡᠭᠰᠢᠯᠡᠭᠦᠯᠦᠨ᠂ ᠲᠠᠷᠢᠶᠠᠯᠠᠩ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠪᠠᠷ ᠲᠠᠷᠢᠶᠠᠴᠢᠨ ᠡᠷᠦᠬᠡ | ᠨᠢᠭᠡᠪᠦᠷᠢ ᠳᠤ ᠦᠨᠡᠨ ᠬᠦ ᠠᠰᠢᠭ ᠬᠦᠷᠲᠡᠭᠡᠬᠦ ᠶᠢ ᠦᠨᠡᠨ ᠬᠦ ᠪᠠᠲᠤᠯᠠᠵᠤ᠂ ᠲᠠᠷᠢᠶᠠᠴᠢᠨ ᠡᠷᠦᠬᠡ ᠳᠤ ᠦᠨᠡᠨ ᠬᠦ ᠠᠶᠤᠯ ᠲᠦᠭᠰᠢᠭᠦᠷᠢ ᠶᠢᠨ ︽ᠬᠠᠯᠬᠠᠪᠴᠢ︾ | ᠬᠠᠩᠭᠠᠵᠤ᠂ ᠲᠠᠷᠢᠶᠠᠯᠠᠩ ᠤᠨ ᠭᠠᠷᠤᠯᠲᠠ ᠶᠢ ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠳᠤ ᠪᠠᠲᠤᠯᠠᠭ᠎ᠠ ᠬᠠᠩᠭᠠᠨ᠎ᠠ ᠭᠡᠵᠦ ᠣᠯᠠᠨ ᠢᠶᠠᠷ ᠢᠶᠠᠨ | ᠢᠯᠡᠷᠬᠡᠶᠢᠯᠡᠵᠦ ᠪᠠᠶᠢᠨ᠎ᠠ᠃ | | |