ᠵᠠᠯᠠᠨ ᠠᠶᠢᠯ ᠬᠤᠲᠠ 2024 ᠣᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠦᠷᠢᠳᠬᠡᠯ ᠤᠨ ᠠᠯᠪᠠᠨ ᠨᠡᠶᠢᠲᠡᠯᠡᠯ | ᠵᠠᠯᠠᠨ ᠠᠶᠢᠯ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ | ︵2025 ᠣᠨ ᠤ 4 ᠰᠠᠷ᠎ᠠ ᠶᠢᠨ 15 ᠤ ᠡᠳᠦᠷ︶ | | 2024 ᠣᠨ ᠳᠤ᠂ ᠪᠦᠬᠦ ᠬᠤᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ | ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ | ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠤᠨ ᠠᠵᠢᠯ ᠤᠨ ᠭᠤᠣᠯ ᠱᠤᠭᠤᠮ ᠢ ᠪᠠᠲᠤ ᠪᠠᠬᠢ ᠪᠤᠢ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ | ᠠᠶᠠᠰ ᠢ ᠪᠠᠷᠢᠮᠲᠠᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠵᠢᠷᠭᠤᠭᠠᠨ | ᠢᠨᠵᠧᠨᠧᠷᠢᠩ︾ ᠢ ᠰᠠᠶᠢᠲᠤᠷ ᠠᠳᠬᠤᠵᠤ᠂ ︽ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ︾ ᠢ ᠪᠦᠬᠦ ᠲᠠᠯ᠎ᠠ ᠪᠠᠷ ᠠᠬᠢᠭᠤᠯᠵᠤ᠂ ᠠᠯᠢ ᠤᠯᠠᠨ | ᠬᠠᠳᠠᠭᠠᠯᠠᠯᠲᠠ ᠶᠢᠨ ᠬᠡᠮᠵᠢᠶ᠎ᠡ ᠪᠠ ᠨᠡᠮᠡᠭᠳᠡᠯ ᠤᠨ ᠬᠡᠮᠵᠢᠶ᠎ᠡ ᠶᠢᠨ ᠲᠦᠷᠦ ᠶᠢᠨ ᠪᠣᠳᠣᠯᠭ᠎ᠠ ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ᠠᠵᠤ | ᠠᠬᠤᠢ ᠶᠢᠨ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠪᠠ᠃ | ᠨᠢᠭᠡ᠂ ᠶᠡᠷᠦᠩᠬᠡᠶᠢᠯᠡᠯ | ᠬᠤᠰᠢᠭᠤ ᠬᠤᠲᠠ ᠲᠣᠭᠤᠷᠢᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ | 2024 ᠣᠨ ᠳᠤ ᠪᠥᠬᠦ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 221.58 ᠳ᠋ᠦᠩᠰᠢᠭᠤᠷ ᠲᠥᠭᠦᠷᠢᠭ ᠲᠤ ᠬᠦᠷᠴᠦ᠂ ᠥᠯᠥ | ᠬᠤᠪᠢᠰᠬᠤ ᠦᠨ᠎ᠡ ᠪᠠᠷ ᠪᠤᠳᠤᠪᠠᠯ 5.6% ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 73. | 13 ᠳ᠋ᠦᠩᠰᠢᠭᠤᠷ ᠲᠥᠭᠦᠷᠢᠭ ᠲᠤ ᠬᠦᠷᠴᠦ᠂ 5.1% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 64.17 ᠳ᠋ᠦᠩᠰᠢᠭᠤᠷ | ᠲᠥᠭᠦᠷᠢᠭ ᠲᠤ ᠬᠦᠷᠴᠦ᠂ 8% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ84.28 ᠳ᠋ᠦᠩᠰᠢᠭᠤᠷ ᠲᠥᠭᠦᠷᠢᠭ ᠲᠤ ᠬᠦᠷᠴᠦ᠂ 4. | 6% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠪᠦᠲᠦᠴᠡ ᠶᠢᠨ ᠬᠠᠷᠢᠴᠠᠯ ᠨᠢ 33᠄ 29᠄ 38 ᠪᠣᠯᠣᠨ᠎ᠠ᠃ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ | ᠠᠵᠤ ᠦᠢᠯᠡᠰ ᠤᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠤᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ ᠲᠣᠰ ᠲᠣᠰ 31. | 7%᠂ 34.7%᠂ 33.6% ᠪᠣᠯᠣᠨ᠎ᠠ᠃ | ᠬᠤᠶᠠᠷ᠂ ᠲᠠᠷᠢᠶᠠᠯᠠᠩ ᠮᠠᠯ ᠠᠵᠤ ᠠᠬᠤᠢ | ᠪᠦᠬᠦ ᠵᠢᠯ ᠤᠨ ᠠᠮᠤ ᠪᠤᠳᠠᠭᠠᠨ ᠤ ᠲᠠᠷᠢᠮᠠᠯ ᠤᠨ ᠲᠠᠷᠢᠬᠤ ᠲᠠᠯᠠᠪᠠᠢ 25.87 ᠲᠦᠮᠡᠨ ᠾᠧᠺᠲ᠋ᠠᠷ ᠲᠤ ᠬᠦᠷᠴᠦ᠂ ᠲᠦᠷᠦᠭᠦᠦ ᠵᠢᠯ ᠤᠨ ᠬᠢ ᠠᠴᠠ 0.03% | ᠪᠠᠷ ᠨᠡᠮᠡᠭᠳᠡᠪᠡ᠃ ᠪᠦᠬᠦ ᠵᠢᠯ ᠤᠨ ᠠᠮᠤ ᠪᠤᠳᠠᠭᠠᠨ ᠤ ᠤᠨᠠᠯᠲᠠ 29.4 ᠳ᠋ᠦᠩᠰᠢᠭᠤᠷ ᠵᠢᠩ ᠳᠤ ᠬᠦᠷᠴᠦ᠂ 3.8% ᠪᠠᠷ ᠨᠡᠮᠡᠭᠳᠡᠪᠡ᠃ ᠠᠮᠤ ᠪᠤᠳᠠᠭᠠᠨ ᠤ | ᠲᠠᠷᠢᠮᠠᠯ ᠤᠨ ᠳᠣᠲᠣᠷ᠎ᠠ᠂ ᠡᠷᠳᠡᠨᠢ ᠰᠢᠰᠢ ᠶᠢᠨ ᠤᠨᠠᠯᠲᠠ 25.38 ᠳ᠋ᠦᠩᠰᠢᠭᠤᠷ ᠵᠢᠩ ᠳᠤ ᠬᠦᠷᠴᠦ᠂ 2.6% ᠪᠠᠷ ᠨᠡᠮᠡᠭᠳᠡᠪᠡ︔ ᠰᠢᠷ᠎ᠠ ᠪᠤᠷᠴᠠᠭ ᠤᠨ | ᠭᠠᠷᠤᠯᠲᠠ3.45 ᠳ᠋ᠦᠩᠰᠢᠭᠤᠷ ᠵᠢᠩ ᠳᠤ ᠬᠦᠷᠴᠦ᠂ 8.8% ᠪᠠᠷ ᠨᠡᠮᠡᠭᠳᠡᠪᠡ᠃ ᠠᠮᠤ ᠪᠤᠳᠠᠭᠠᠨ ᠤ ᠮᠦ ᠪᠦᠷᠢ ᠶᠢᠨ ᠳᠤᠮᠳᠠᠴᠢ ᠤᠨᠠᠯᠲᠠ378.77 | ᠺᠢᠯᠣᠭ᠍ᠷᠠᠮ ᠳᠤ ᠬᠦᠷᠴᠦ᠂ 3.7% ᠪᠠᠷ ᠨᠡᠮᠡᠭᠳᠡᠪᠡ᠃ | ᠭᠤᠷᠪᠠ᠂ ᠠᠵᠤ ᠦᠢᠯᠡᠳᠪᠦᠷᠢ ᠪᠠ ᠪᠠᠷᠢᠯᠭ᠎ᠠ ᠶᠢᠨ ᠦᠢᠯᠡᠰ | ᠪᠥᠬᠦ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 55.64 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠸ ᠵᠢᠯ ᠤᠨ ᠬᠢ ᠠᠴᠠ 9% ᠪᠠᠷ ᠨᠡᠮᠡᠭᠳᠡᠨ | ᠂ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠲᠤ ᠡᠵᠡᠯᠡᠬᠦ ᠬᠤᠪᠢ ᠶᠢᠨ ᠵᠢᠩ ᠨᠢ 25.1% ᠪᠣᠯᠣᠨ᠎ᠠ᠃ ᠡᠭᠦᠨ ᠳᠤ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ10.5% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠢᠯ | ᠲᠦᠷᠦᠯ ᠤᠨ ᠳᠣᠲᠣᠷ᠎ᠠ᠂ ᠭᠤᠣᠯ ᠦᠢᠯᠡᠳᠬᠦᠨ ᠤ ᠭᠠᠷᠤᠯᠲᠠ ᠶᠢᠨ ᠬᠡᠮᠵᠢᠶ᠎ᠡ ᠨᠡᠮᠡᠭᠳᠡᠯ ᠲᠠᠢ ᠪᠠᠭᠤᠷᠠᠯᠲᠠ ᠲᠠᠢ ᠃ | ᠪᠦᠬᠦ ᠵᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ148.06 | ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ0.8% ᠪᠠᠷ ᠨᠡᠮᠡᠭᠳᠡᠪᠡ᠃ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ 19.1 | ᠳ᠋ᠦᠩᠰᠢᠭᠤᠷ ᠲᠥᠭᠦᠷᠢᠭ ᠲᠤ ᠬᠦᠷᠴᠦ᠂ 22.6% ᠪᠠᠷ ᠪᠠᠭᠤᠷᠠᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ | ᠪᠣᠷᠣᠯᠠᠭᠤᠯᠤᠯᠲᠠ ᠶᠢᠨ ᠨᠣᠷᠮ᠎ᠠ 97.9% ᠪᠠᠶᠢᠵᠤ᠂ 1 ᠵᠠᠭᠤᠨ ᠤ ᠨᠢᠭᠡᠴᠢ ᠪᠠᠭᠤᠷᠠᠪᠠ᠃ | ᠪᠥᠬᠦ ᠬᠤᠲᠠ ᠶᠢᠨ ᠪᠠᠷᠢᠯᠭ᠎ᠠ ᠶᠢᠨ ᠦᠢᠯᠡᠰ ᠤᠨ ᠨᠡᠮᠡᠭᠳᠡᠯ ᠥᠷᠲᠡᠭ 8.54 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 4.3% | ᠨᠡᠮᠡᠭᠳᠡᠪᠡ᠃ ᠪᠥᠬᠦ ᠬᠤᠲᠠ ᠶᠢᠨ ᠬᠢᠷᠢ ᠬᠡᠮ ᠤᠨ ᠵᠡᠷᠭᠡ ᠳᠡᠰ ᠲᠠᠢ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ 7 ᠡᠷᠦᠬᠡ ᠪᠠᠶᠢᠵᠤ᠂ ᠦᠢᠯᠡᠳᠬᠦᠨ ᠤ ᠥᠷᠲᠡᠭ | ᠨᠢ 3.93 ᠳ᠋ᠦᠩᠰᠢᠭᠤᠷ ᠲᠥᠭᠦᠷᠢᠭ ᠲᠤ ᠬᠦᠷᠴᠦ᠂ 8% ᠪᠠᠷ ᠪᠠᠭᠤᠷᠠᠪᠠ᠃ | ᠳᠥᠷᠪᠡ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ | ᠪᠦᠬᠦ ᠵᠢᠯ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠦᠷᠦᠭᠦᠦ ᠵᠢᠯ ᠤᠨ ᠬᠢ ᠠᠴᠠ 6.6% ᠪᠠᠷ | ᠪᠠᠭᠤᠷᠠᠪᠠ᠃ ᠠᠵᠤ ᠦᠢᠯᠡᠰ ᠢᠶᠠᠷ ᠬᠤᠪᠢᠶᠠᠪᠠᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ1152.7% ᠪᠠᠷ ᠨᠡᠮᠡᠭᠳᠡᠪᠡ; ᠬᠤᠶᠠᠳᠤᠭᠠᠷ ᠠᠵᠤ | ᠦᠢᠯᠡᠰ ᠤᠨ ᠪᠡᠯᠡ ᠣᠷᠣᠭᠤᠯᠤᠯᠲᠠ 42.3% ᠪᠠᠷ ᠪᠠᠭᠤᠷᠠᠪᠠ᠃ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 152.1% ᠪᠠᠷ ᠨᠡᠮᠡᠭᠳᠡᠪᠡ᠃ | ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠠᠰᠢᠭᠯᠠᠬᠤ ᠪᠡᠯᠡ ᠣᠷᠣᠭᠤᠯᠤᠯᠲᠠ ᠲᠦᠷᠦᠭᠦᠦ ᠵᠢᠯ ᠤᠨ ᠬᠢ ᠠᠴᠠ 31.1% ᠪᠠᠷ ᠨᠡᠮᠡᠭᠳᠡᠪᠡ᠃ | ᠲᠠᠪᠤ᠂ ᠤᠯᠤᠰ ᠤᠨ ᠳᠣᠲᠣᠭᠠᠳᠤ ᠶᠢᠨ ᠠᠷᠠᠯᠵᠢᠶ᠎ᠠ | ᠪᠦᠬᠦ ᠵᠢᠯ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ30.21 ᠳ᠋ᠦᠩᠰᠢᠭᠤᠷ ᠲᠥᠭᠦᠷᠢᠭ ᠲᠤ ᠬᠦᠷᠴᠦ᠂ | ᠲᠦᠷᠦᠭᠦᠦ ᠵᠢᠯ ᠤᠨ ᠬᠢ ᠠᠴᠠ1.6% ᠪᠠᠷ ᠨᠡᠮᠡᠭᠳᠡᠪᠡ᠃ ᠡᠵᠡᠩᠨᠡᠯᠲᠡ ᠶᠢᠨ ᠭᠠᠵᠠᠷ ᠤᠨ ᠪᠦᠷᠢᠳᠬᠡᠯ ᠢ ᠦᠨᠳᠦᠰᠦᠯᠡᠪᠡᠯ᠂ ᠬᠤᠳᠠ ᠪᠠᠯᠭᠠᠰᠤᠨ ᠤ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 23.45 ᠳ᠋ᠦᠩᠰᠢᠭᠤᠷ ᠲᠥᠭᠦᠷᠢᠭ ᠲᠤ ᠬᠦᠷᠴᠦ᠂ 1.6% ᠪᠠᠷ ᠨᠡᠮᠡᠭᠳᠡᠪᠡ᠃ ᠬᠥᠳᠡᠭᠡ ᠲᠣᠰᠬᠤᠨ ᠤ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 6.76 ᠳ᠋ᠦᠩᠰᠢᠭᠤᠷ ᠲᠥᠭᠦᠷᠢᠭ ᠲᠤ ᠬᠦᠷᠴᠦ᠂ 1.6% ᠪᠠᠷ ᠨᠡᠮᠡᠭᠳᠡᠪᠡ᠃ ᠬᠡᠷᠡᠭᠯᠡᠭᠡᠨ ᠤ | ᠲᠦᠷᠦᠯ ᠢᠶᠠᠷ ᠪᠦᠷᠢᠳᠬᠡᠪᠡᠯ᠂ ᠢᠳᠡᠭᠡᠨ ᠤᠮᠳᠠᠭᠠᠨ ᠤ ᠣᠷᠣᠯᠭ᠎ᠠ ᠶᠢᠨ ᠲᠤᠭ᠎ᠠ 4.97 ᠳ᠋ᠦᠩᠰᠢᠭᠤᠷ ᠲᠥᠭᠦᠷᠢᠭ ᠲᠤ ᠬᠦᠷᠴᠦ᠂ 9.7% ᠪᠠᠷ ᠨᠡᠮᠡᠭᠳᠡᠪᠡ᠃ | ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 25.24 ᠳ᠋ᠦᠩᠰᠢᠭᠤᠷ ᠲᠥᠭᠦᠷᠢᠭ ᠲᠤ ᠬᠦᠷᠴᠦ᠂ 0.2% ᠢᠶᠠᠷ ᠨᠡᠮᠡᠭᠳᠡᠪᠡ᠃ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢᠨ ᠳᠣᠲᠣᠷ᠎ᠠ᠂ ᠤᠮᠳᠠᠭᠠᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠲᠤᠭ᠎ᠠ ᠲᠦᠷᠦᠭᠦᠦ ᠵᠢᠯ ᠤᠨ ᠬᠢ ᠠᠴᠠ 53.8% ᠪᠠᠷ ᠨᠡᠮᠡᠭᠳᠡᠵᠦ᠂ ᠠᠮᠤ ᠪᠤᠳᠠᠭ᠎ᠠ ᠲᠣᠰᠣ᠂ ᠢᠳᠡᠭᠡᠨ ᠤ ᠵᠦᠢᠯ ᠤᠨ ᠬᠢ53.6% ᠪᠠᠷ | ᠨᠡᠮᠡᠭᠳᠡᠵᠦ᠂ ᠡᠳᠦᠷ ᠲᠤᠳᠤᠮ ᠤᠨ ᠬᠡᠷᠡᠭᠯᠡᠭᠡᠨ ᠤ ᠵᠦᠢᠯ ᠤᠨ ᠬᠢ 53.6% ᠪᠠᠷ ᠨᠡᠮᠡᠭᠳᠡᠵᠦ᠂ ᠠᠷᠢᠬᠢ ᠲᠠᠮᠠᠬᠢᠨ ᠤ ᠵᠦᠢᠯ ᠤᠨ ᠬᠢ 34.2% ᠢᠶᠠᠷ ᠨᠡᠮᠡᠭᠳᠡᠪᠡ᠃ | ᠵᠢᠷᠭᠤᠭ᠎ᠠ᠂ ᠵᠠᠮ ᠬᠠᠷᠢᠯᠴᠠᠭ᠎ᠠ᠂ ᠰᠢᠤᠳᠠᠨ | ᠪᠦᠬᠦ ᠵᠢᠯ ᠳᠤ ᠲᠡᠮᠦᠷ ᠵᠠᠮ᠂ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 967 ᠲᠦᠮᠡᠨ ᠲᠣᠨ ᠳᠤ ᠬᠦᠷᠴᠦ᠂ ᠡᠭᠦᠨ ᠤ ᠳᠣᠲᠣᠷ᠎ᠠ ᠲᠡᠮᠦᠷ | ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 191 ᠲᠦᠮᠡᠨ ᠲᠣᠨ ᠳᠤ ᠬᠦᠷᠴᠡᠢ᠃ ᠵᠠᠰᠠᠮᠠᠯ ᠵᠠᠮ ᠤᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ 776 ᠲᠦᠮᠡᠨ | ᠲᠣᠨ ᠳᠤ ᠬᠦᠷᠴᠡᠢ᠃ ᠨᠢᠰᠬᠡᠯ ᠤᠨ ᠪᠠᠭᠤᠳᠠᠯ ᠤᠨ ᠪᠠᠷᠠᠭ᠎ᠠ ᠰᠢᠤᠳᠠᠨ ᠤ ᠣᠷᠣᠭᠤᠯᠵᠤ ᠭᠠᠷᠭᠠᠬᠤ ᠬᠡᠮᠵᠢᠶ᠎ᠡ 160 ᠲᠣᠨ᠃ | ᠲᠡᠮᠦᠷ ᠵᠠᠮ᠂ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ67.11 ᠲᠦᠮᠡᠨ ᠬᠥᠮᠥᠨ ᠳᠤ ᠬᠦᠷᠴᠦ᠂ ᠡᠭᠦᠨ ᠤ ᠳᠣᠲᠣᠷ᠎ᠠ ᠲᠡᠮᠦᠷ ᠵᠠᠮ ᠤᠨ | ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ54.98 ᠲᠦᠮᠡᠨ ᠬᠥᠮᠥᠨ ᠳᠤ ᠬᠦᠷᠴᠡᠢ᠃ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 12.13 | ᠲᠦᠮᠡᠨ ᠬᠥᠮᠥᠨ ᠪᠣᠯᠣᠨ᠎ᠠ᠃ ᠨᠢᠰᠬᠡᠯ ᠤᠨ ᠪᠠᠭᠤᠳᠠᠯ ᠤᠨ ᠠᠶᠠᠨᠴᠢᠳ ᠢ ᠣᠷᠣᠭᠤᠯᠵᠤ ᠭᠠᠷᠭᠠᠭᠰᠠᠨ ᠬᠡᠮᠵᠢᠶ᠎ᠡ 18.98 ᠲᠦᠮᠡᠨ ᠬᠥᠮᠥᠨ ᠤᠳᠠᠭ᠎ᠠ ᠳᠤ ᠬᠦᠷᠴᠡᠢ᠃ | | ᠪᠥᠬᠦ ᠵᠢᠯ ᠤᠨ ᠰᠢᠤᠳᠠᠨ ᠤ ᠠᠵᠢᠯ ᠲᠥᠷᠥᠯ ᠤᠨ ᠲᠤᠬᠠᠶᠢᠯᠠᠭᠰᠠᠨ ᠠᠵᠢᠯ ᠤᠨ ᠶᠡᠷᠦᠩᠬᠡᠢ ᠬᠡᠮᠵᠢᠶ᠎ᠡ ᠨᠡᠶᠢᠲᠡ 0.32 ᠳ᠋ᠦᠩᠰᠢᠭᠤᠷ ᠲᠥᠭᠦᠷᠢᠭ ᠲᠤ ᠬᠥᠷᠪᠡ᠃ | ᠲᠤᠯᠤᠭ᠎ᠠ᠂ ᠡᠳ᠋ ᠤᠨ ᠵᠠᠰᠠᠭ᠂ ᠮᠥᠩᠭᠦᠨ ᠭᠦᠢᠯᠭᠡᠭᠡ | ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 6.54 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠸ ᠵᠢᠯ ᠤᠨ | ᠬᠢ ᠠᠴᠠ 4.7% ᠪᠠᠷ ᠨᠡᠮᠡᠭᠳᠡᠪᠡ᠃ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ 56.53 ᠳ᠋ᠦᠩᠰᠢᠭᠤᠷ ᠲᠥᠭᠦᠷᠢᠭ ᠲᠤ | ᠬᠦᠷᠴᠦ᠂ ᠲᠦᠷᠦᠭᠦᠸ ᠵᠢᠯ ᠤᠨ ᠬᠢ ᠠᠴᠠ 12.5% ᠪᠠᠷ ᠨᠡᠮᠡᠭᠳᠡᠪᠡ᠃ | ᠵᠢᠯ ᠤᠨ ᠡᠴᠦᠰ ᠲᠤ ᠪᠥᠬᠦ ᠬᠤᠲᠠ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ | ᠦᠯᠡᠳᠡᠪᠦᠷᠢ 264.14ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠸ ᠵᠢᠯ ᠤᠨ ᠬᠢ ᠠᠴᠠ 13% ᠪᠠᠷ ᠨᠡᠮᠡᠭᠳᠡᠪᠡ᠃ ᠪᠥᠬᠦ ᠬᠤᠲᠠ ᠶᠢᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 183.41 ᠳ᠋ᠦᠩᠰᠢᠭᠤᠷ ᠲᠥᠭᠦᠷᠢᠭ ᠲᠤ | ᠬᠦᠷᠴᠦ᠂ ᠲᠦᠷᠦᠭᠦᠸ ᠵᠢᠯ ᠤᠨ ᠬᠢ ᠠᠴᠠ 9.3% ᠪᠠᠷ ᠨᠡᠮᠡᠭᠳᠡᠪᠡ᠃ | ᠨᠠᠢᠮᠠ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ | ᠵᠢᠯ ᠤᠨ ᠡᠴᠦᠰ ᠲᠤ ᠵᠠᠯᠠᠨ ᠠᠶᠢᠯ ᠬᠤᠲᠠ ᠳᠤ ᠨᠡᠶᠢᠲᠡ 14 ᠪᠠᠭ᠎ᠠ ᠰᠤᠷᠭᠠᠭᠤᠯᠢ᠂ 9 ᠵᠢᠭᠠᠨ ᠰᠤᠷᠭᠠᠯᠲᠠ ᠶᠢᠨ ᠴᠡᠭ ᠲᠠᠢ ᠪᠠᠶᠢᠵᠤ᠂ ᠰᠤᠷᠭᠠᠭᠤᠯᠢ ᠳᠤ | ᠪᠠᠶᠢᠭ᠎ᠠ ᠰᠣᠷᠣᠭᠴᠢ 15455 ᠪᠠᠶᠢᠵᠤ᠂ ᠲᠦᠷᠦᠭᠦᠸ ᠵᠢᠯ ᠤᠨ ᠬᠢ ᠠᠴᠠ 3.8% ᠪᠠᠷ ᠪᠠᠭᠤᠷᠠᠪᠠ᠃ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 19 ᠪᠠᠶᠢᠵᠤ | ᠂ ᠰᠤᠷᠭᠠᠭᠤᠯᠢ ᠳᠤ ᠪᠠᠶᠢᠭ᠎ᠠ ᠰᠣᠷᠣᠭᠴᠢ 8599 ᠪᠠᠶᠢᠵᠤ᠂ 0.3% ᠪᠠᠷ ᠪᠠᠭᠤᠷᠠᠪᠠ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ 2 ᠪᠠᠶᠢᠵᠤ᠂ | ᠰᠤᠷᠭᠠᠭᠤᠯᠢ ᠳᠤ ᠪᠠᠶᠢᠭ᠎ᠠ ᠰᠣᠷᠣᠭᠴᠢ 4307 ᠪᠠᠶᠢᠵᠤ᠂ 1.6% ᠪᠠᠷ ᠪᠠᠭᠤᠷᠠᠪᠠ᠃ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ 1 | ᠪᠠᠶᠢᠵᠤ᠂ ᠰᠤᠷᠭᠠᠭᠤᠯᠢ ᠳᠤ ᠪᠠᠶᠢᠭ᠎ᠠ ᠰᠣᠷᠣᠭᠴᠢ 1609 ᠬᠥᠮᠥᠨ ᠪᠠᠶᠢᠵᠤ᠂ 10.7% ᠪᠠᠷ ᠪᠠᠭᠤᠷᠠᠪᠠ᠃ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ 1 | ᠪᠠᠶᠢᠵᠤ᠂ ᠰᠤᠷᠭᠠᠭᠤᠯᠢ ᠳᠤ ᠪᠠᠶᠢᠭ᠎ᠠ ᠰᠤᠷᠤᠭᠴᠢ 321 ᠬᠥᠮᠥᠨ ᠪᠠᠶᠢᠵᠤ᠂ 7.4% ᠪᠠᠷ ᠨᠡᠮᠡᠭᠳᠡᠪᠡ᠃ ᠬᠡᠦᠬᠡᠳ ᠤᠨ ᠴᠡᠴᠡᠷᠯᠢᠭ 61 ᠪᠠᠶᠢᠵᠤ᠂ 4 ᠶᠢ | ᠪᠠᠭᠠᠰᠬᠠᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠡᠦᠬᠡᠳ 5548 ᠪᠠᠶᠢᠵᠤ᠂ 10.5% ᠪᠠᠷ ᠪᠠᠭᠤᠷᠠᠭᠤᠯᠤᠨ᠎ᠠ᠃ | ᠵᠢᠯ ᠤᠨ ᠡᠴᠦᠰ ᠲᠤ ᠵᠠᠯᠠᠨ ᠠᠶᠢᠯ ᠬᠤᠲᠠ ᠳᠤ 287 ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠲᠠᠢ ᠪᠠᠶᠢᠵᠤ᠂ ᠲᠦᠷᠦᠭᠦᠸ ᠵᠢᠯ ᠤᠨ ᠬᠢ ᠠᠴᠠ | 6.7% ᠪᠠᠷ ᠨᠡᠮᠡᠭᠳᠡᠪᠡ᠂ ᠡᠭᠦᠨ ᠳᠤ ᠡᠮᠨᠡᠯᠭᠡ ᠶᠢᠨ ᠬᠤᠷᠢᠶ᠎ᠠ 5᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ 21᠂ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ︵ᠥᠷᠲᠡᠭᠡ︶ 11 ᠪᠣᠶ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠨᠢᠭᠡᠴᠢ ᠶᠢᠨ ᠡᠪᠡᠳᠴᠢᠲᠡᠨ ᠤ ᠣᠷᠣ ᠶᠢᠨ | ᠲᠤᠭ᠎ᠠ ᠶᠢ 2259 ᠪᠠᠶᠢᠯᠭᠠᠵᠤ᠂ 63 ᠬᠠᠰᠤᠨ᠎ᠠ᠂ ᠡᠭᠦᠨ ᠳᠤ ᠡᠮᠨᠡᠯᠭᠡ ᠶᠢᠨ ᠬᠤᠷᠢᠶ᠎ᠠ 1715᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ 447 | ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ︵ᠦᠷᠳᠡᠭᠡ︶ 75 ᠪᠠᠶᠢᠨ᠎ᠠ᠃ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ | 3215 ᠬᠥᠮᠥᠨ ᠳᠤ ᠬᠦᠷᠴᠦ᠂ 224 ᠬᠥᠮᠥᠨ ᠨᠡᠮᠡᠭᠳᠡᠪᠡ᠂ ᠡᠭᠦᠨ ᠤ ᠳᠣᠲᠣᠷ᠎ᠠ ᠠᠵᠢᠯ ᠡᠷᠬᠢᠯᠡᠬᠦ ︵ᠲᠤᠰᠠᠯᠠᠬᠤ︶ ᠡᠮᠴᠢ 1334 ᠬᠥᠮᠥᠨ᠂ | ᠳᠠᠩᠰᠠᠯᠠᠭᠤᠯᠤᠭᠰᠠᠨ ᠰᠤᠪᠢᠯᠠᠭᠴᠢ 1400 ᠬᠥᠮᠥᠨ ᠪᠠᠶᠢᠨ᠎ᠠ᠃ | ᠶᠢᠰᠦ᠂ ᠰᠣᠶᠣᠯ ᠤᠨ ᠵᠢᠭᠤᠯᠴᠢᠯᠠᠯ | ᠪᠥᠬᠦ ᠬᠤᠲᠠ ᠳᠤ ᠤᠷᠠᠯᠢᠭ ᠤᠨ ᠲᠣᠭᠯᠠᠯᠲᠠ ᠶᠢᠨ ᠪᠦᠯᠬᠦᠮ 1᠂ ᠣᠯᠠᠨ ᠨᠡᠶᠢᠲᠡ ᠶᠢᠨ ᠨᠣᠮ ᠤᠨ ᠰᠠᠩ 1᠂ ᠰᠣᠶᠣᠯ ᠤᠨ ᠣᠷᠳᠣᠨ 1᠂ ᠮᠦᠽᠧᠢ 7 ᠪᠣᠶ᠃ | | ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠰᠣᠶᠣᠯ ᠵᠤᠭᠠᠴᠠᠯ ᠤᠨ | ᠠᠵᠤ ᠦᠢᠯᠡᠰ ᠤᠨ ᠬᠥᠭᠵᠢᠯᠲᠡ ᠶᠢᠨ ︽ᠳᠥᠷᠪᠡ ᠶᠢ ᠳᠤᠷᠠᠳᠬᠤ︾ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠵᠤᠭᠠᠴᠠᠯ ᠤᠨ ᠬᠥᠭᠵᠢᠯᠲᠡ ᠶᠢᠨ ᠶᠡᠷᠦᠩᠬᠡᠢ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠭᠠᠳ᠂ ᠠᠴᠠᠢ ᠦᠵᠡᠮᠵᠢ ᠶᠢᠨ ᠣᠷᠣᠨ ᠢ ᠨᠢᠭᠡ ᠴᠣᠭᠴᠠᠵᠢᠭᠤᠯᠤᠨ ᠬᠥᠭᠵᠢᠭᠦᠯᠬᠦ ᠠᠵᠢᠯ ᠢ ᠪᠡᠶᠡᠯᠡᠭᠦᠯᠵᠦ᠂ | ︽ᠠᠷᠪᠠᠨ ᠳᠦᠷᠪᠡᠳᠦᠭᠡᠷ ᠡᠪᠦᠯ︾ ᠤᠨ 33 ᠵᠦᠢᠯ ᠤᠨ ᠤᠷᠤᠯᠳᠤᠭᠠᠨ ᠢ ᠠᠮᠵᠢᠯᠲᠠ ᠲᠠᠢ ᠳᠠᠭᠠᠭᠠᠨ ᠡᠷᠭᠢᠯᠡᠵᠦ᠂ ᠶᠢᠨ ᠯᠦᠩ ᠱᠠᠨ ᠤ ᠰᠡᠯᠡᠭᠦᠴᠡᠨ ᠠᠮᠠᠷᠠᠬᠤ | ᠵᠢᠭᠤᠯᠴᠢᠯᠠᠯ ᠤᠨ ᠣᠷᠣᠨ ᠪᠥᠬᠦ ᠤᠯᠤᠰ ᠤᠨ ︽ᠴᠠᠭ ᠤᠯᠠᠷᠢᠯ ᠤᠨ ᠨᠠᠷᠠᠲᠤ ᠦᠵᠡᠮᠵᠢ︾ ᠳᠤ ᠰᠣᠩᠭᠤᠭᠳᠠᠨ ᠣᠷᠣᠵᠤ᠂ ᠬᠤᠷᠴᠠ ᠣᠯᠠᠭᠠᠨ ᠴᠡᠴᠡᠭ ᠰᠣᠨᠢᠷᠬᠠᠬᠤ | ᠤᠯᠠᠷᠢᠯ᠂ ᠮᠥᠰᠥ ᠴᠠᠰᠤᠨ ᠤ ᠨᠠᠶᠢᠷ᠂ ᠰᠢᠨ᠎ᠡ ᠵᠢᠯ ᠤᠨ ᠳ᠋ᠧᠩᠯᠦ ᠶᠢᠨ ᠴᠤᠭᠯᠠᠭᠠᠨ ᠵᠡᠷᠭᠡ ᠳᠥᠷᠪᠡᠨ ᠤᠯᠠᠷᠢᠯ ᠤᠨ ᠰᠣᠶᠣᠯ ᠵᠢᠭᠤᠯᠴᠢᠯᠠᠯ ᠤᠨ ᠵᠢᠭᠤᠯᠴᠢᠯᠠᠯ ᠤᠨ | ᠠᠵᠢᠯᠯᠠᠭ᠎ᠠ ᠶᠢᠨ ᠬᠢᠯᠠᠰ ᠴᠡᠭ ᠣᠯᠠᠨ ᠢᠯᠡᠷᠡᠵᠦ᠂ ᠪᠥᠬᠦ ᠵᠢᠯ ᠳᠤ 236 ᠲᠦᠮᠡᠨ ᠬᠥᠮᠥᠨ ᠤᠳᠠᠭ᠎ᠠ ᠶᠢᠨ ᠵᠤᠭᠠᠴᠠᠭᠰᠠᠳ ᠢ ᠭᠥᠯᠢᠶᠡᠨ ᠠᠪᠴᠤ᠂ ᠵᠢᠭᠤᠯᠴᠢᠯᠠᠯ ᠤᠨ | ᠵᠠᠷᠤᠳᠠᠯ 36 ᠳ᠋ᠦᠩᠰᠢᠭᠤᠷ ᠲᠥᠭᠦᠷᠢᠭ ᠢ ᠳᠠᠪᠠᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠰᠢᠨ᠎ᠡ ᠳᠡᠭᠡᠭᠰᠢᠯᠡᠯᠲᠡ ᠲᠠᠢ ᠪᠣᠯᠪᠠ᠃ | ᠠᠷᠪᠠ᠂ ᠬᠥᠮᠥᠨ ᠠᠮᠠ᠂ ᠠᠷᠠᠳ ᠤᠨ ᠠᠮᠢᠳᠤᠷᠠᠯ ᠪᠠ ᠨᠡᠶᠢᠭᠡᠮ ᠤᠨ ᠪᠠᠲᠤᠯᠠᠭ᠎ᠠ | ᠵᠠᠯᠠᠨ ᠠᠶᠢᠯ ᠬᠤᠲᠠ ᠶᠢᠨ ᠡᠷᠦᠬᠡ ᠠᠮᠠ ᠶᠢᠨ ᠲᠠᠩᠰᠠ ᠶᠢᠨ ᠶᠡᠷᠦᠩᠬᠡᠢ ᠬᠥᠮᠥᠨ ᠠᠮᠠ 38.69 ᠲᠦᠮᠡ ᠪᠠᠶᠢᠵᠤ᠂ ᠡᠭᠦᠨ ᠳᠤ ᠬᠤᠲᠠ ᠪᠠᠯᠭᠠᠰᠤᠨ ᠤ | ᠬᠥᠮᠥᠨ ᠠᠮᠠ 17.06 ᠲᠦᠮᠡ᠂ ᠬᠥᠳᠡᠭᠡ ᠲᠣᠰᠬᠤᠨ ᠤ ᠬᠥᠮᠥᠨ ᠠᠮᠠ 21.63 ᠲᠦᠮᠡ ᠪᠠᠶᠢᠨ᠎ᠠ᠃ | ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ36120 ᠲᠥᠭᠦᠷᠢᠭ ᠲᠤ ᠬᠦᠷᠴᠦ᠂ ᠲᠦᠷᠦᠭᠦᠸ ᠵᠢᠯ ᠤᠨ ᠬᠢ ᠠᠴᠠ 5% | ᠪᠠᠷ ᠨᠡᠮᠡᠭᠳᠡᠪᠡ᠃ ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ 46003 | ᠲᠥᠭᠦᠷᠢᠭ ᠲᠤ ᠬᠦᠷᠴᠦ᠂ 3.2% ᠢᠶᠠᠷ ᠨᠡᠮᠡᠭᠳᠡᠵᠦ᠂ ᠬᠥᠮᠥᠨ ᠪᠦᠷᠢ ᠶᠢᠨ ᠳᠤᠮᠳᠠᠴᠢ ᠬᠡᠷᠡᠭᠯᠡᠭᠡᠨ ᠤ ᠴᠢᠨᠠᠷᠲᠠᠢ ᠵᠠᠷᠤᠯᠭ᠎ᠠ 33558 ᠲᠥᠭᠦᠷᠢᠭ ᠲᠤ ᠬᠦᠷᠴᠦ᠂ | 2.1% ᠪᠠᠷ ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ | 26080 ᠲᠥᠭᠦᠷᠢᠭ ᠲᠤ ᠬᠦᠷᠴᠦ᠂ 5.5% ᠪᠠᠷ ᠨᠡᠮᠡᠭᠳᠡᠨ᠂ ᠬᠥᠮᠥᠨ ᠳᠤᠮᠳᠠᠴᠢ ᠶᠢᠨ ᠬᠡᠷᠡᠭᠯᠡᠭᠡᠨ ᠤ ᠴᠢᠨᠠᠷᠲᠠᠢ ᠵᠠᠷᠤᠯᠭ᠎ᠠ 22717 ᠲᠥᠭᠦᠷᠢᠭ ᠲᠤ ᠬᠦᠷᠴᠦ | ᠂ 8.3% ᠪᠠᠷ ᠨᠡᠮᠡᠭᠳᠡᠪᠡ᠃ | ᠪᠥᠬᠦ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ 28.02 ᠲᠦᠮᠡᠨ ᠬᠥᠮᠥᠨ ᠣᠷᠣᠯᠴᠠᠵᠤ᠂ ᠡᠭᠦᠨ ᠤ ᠳᠣᠲᠣᠷ᠎ᠠ ᠬᠤᠲᠠ ᠪᠠᠯᠭᠠᠰᠤᠨ ᠤ | ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ 9.96 ᠲᠦᠮᠡᠨ ᠬᠥᠮᠥᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠪᠥᠬᠦ ᠬᠤᠲᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ 32.36 ᠲᠦᠮᠡᠨ ᠬᠥᠮᠥᠨ ᠣᠷᠣᠯᠴᠠᠵᠤ᠂ | ᠡᠭᠦᠨ ᠤ ᠳᠣᠲᠣᠷ᠎ᠠ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ 5.86 ᠲᠦᠮᠡᠨ ᠬᠥᠮᠥᠨ ᠣᠷᠣᠯᠴᠠᠵᠤ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ 26.5 ᠲᠦᠮᠡᠨ ᠬᠥᠮᠥᠨ ᠣᠷᠣᠯᠴᠠᠵᠠᠢ᠃ | ᠪᠥᠬᠦ ᠬᠤᠲᠠ ᠶᠢᠨ ᠬᠤᠲᠠ ᠪᠠᠯᠭᠠᠰᠤᠨ ᠳᠤ 479 ᠬᠥᠮᠥᠨ ᠳᠤ ᠰᠢᠨ᠎ᠡ ᠪᠠᠷ ᠠᠵᠢᠯ ᠣᠯᠭᠤᠵᠤ᠂ 434 ᠬᠥᠮᠥᠨ ᠳᠤ ᠠᠵᠢᠯ ᠠᠯᠳᠠᠭᠰᠠᠳ ᠲᠤ ᠳᠠᠬᠢᠨ | ᠠᠵᠢᠯ ᠣᠯᠭᠤᠵᠤ᠂ ᠠᠵᠢᠯ ᠣᠯᠬᠤ ᠳᠤ ᠬᠦᠴᠢᠷᠲᠡᠢ 1116 ᠬᠥᠮᠥᠨ ᠳᠤ ᠳᠠᠬᠢᠨ ᠠᠵᠢᠯ ᠣᠯᠭᠤᠵᠤ᠂ ᠪᠥᠬᠦ ᠵᠢᠯ ᠳᠤ ᠬᠥᠳᠡᠭᠡ ᠲᠣᠰᠬᠤᠨ ᠤ ᠬᠥᠳᠡᠯᠮᠦᠷᠢ ᠶᠢᠨ | ᠬᠦᠴᠦᠨ ᠤ ᠰᠢᠯᠵᠢᠵᠦ ᠠᠵᠢᠯ ᠣᠯᠣᠭᠰᠠᠨ ᠬᠥᠮᠥᠨ ᠤ ᠲᠤᠭ᠎ᠠ 24841 ᠪᠣᠯᠪᠠ᠃ | ᠠᠷᠪᠠᠨ ᠨᠢᠭᠡ᠂ ᠡᠬᠢ ᠪᠠᠶᠠᠯᠢᠭ᠂ ᠣᠷᠴᠢᠨ ᠠᠬᠤᠢ ᠪᠠ ᠠᠶᠤᠯᠭᠦᠢ ᠦᠢᠯᠡᠳᠪᠦᠷᠢᠯᠡᠯ | ᠪᠥᠬᠦ ᠬᠤᠲᠠ ᠶᠢᠨ ᠭᠠᠵᠠᠷ ᠰᠢᠷᠣᠢ ᠶᠢᠨ ᠲᠠᠯᠠᠪᠠᠶ 1.68 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠣᠯᠣᠨ᠎ᠠ᠃ ᠪᠥᠬᠦ ᠬᠤᠲᠠ ᠶᠢᠨ ᠪᠥᠬᠦ ᠵᠢᠯ ᠤᠨ ᠤᠰᠤ | ᠬᠠᠩᠭᠠᠬᠤ ᠶᠡᠷᠦᠩᠬᠡᠢ ᠬᠡᠮᠵᠢᠶ᠎ᠡ 1.07 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠡᠭᠦᠨ ᠳᠤ᠂ ᠲᠠᠷᠢᠶᠠᠨ ᠭᠠᠵᠠᠷ ᠤᠨ ᠤᠰᠤᠯᠠᠯᠲᠠ ᠳᠤ | ᠬᠡᠷᠡᠭᠯᠡᠬᠦ ᠤᠰᠤᠨ ᠤ ᠬᠡᠮᠵᠢᠶ᠎ᠡ 0.67 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠠᠵᠤ ᠦᠢᠯᠡᠳᠪᠦᠷᠢ ᠳᠤ ᠬᠡᠷᠡᠭᠯᠡᠬᠦ ᠤᠰᠤᠨ ᠤ ᠬᠡᠮᠵᠢᠶ᠎ᠡ 0. | 08 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠠᠮᠢᠳᠤᠷᠠᠯ ᠳᠤ ᠬᠡᠷᠡᠭᠯᠡᠬᠦ ᠤᠰᠤᠨ ᠤ ᠬᠡᠮᠵᠢᠶ᠎ᠡ 0.12 ᠳ᠋ᠦᠩᠰᠢᠭᠤᠷ ᠪᠣᠰᠤᠭ᠎ᠠ ᠳᠥᠷᠪᠡᠯᠵᠢᠨ | ᠮᠧᠲᠷ ᠲᠤ ᠬᠦᠷᠴᠦ᠂ ᠠᠮᠢ ᠠᠬᠤᠢ ᠳᠤ ᠬᠡᠷᠡᠭᠯᠡᠬᠦ ᠤᠰᠤᠨ ᠤ ᠬᠡᠮᠵᠢᠶ᠎ᠡ 0.008 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠭᠦᠷᠦᠭᠰᠡᠨ ᠪᠠᠶᠢᠨ᠎ᠠ᠃ | ᠠᠮᠢ ᠠᠬᠤᠢ ᠶᠢᠨ ᠣᠷᠴᠢᠨ ᠨᠥᠬᠦᠴᠡᠯ ᠢ ᠨᠡᠩ ᠦᠵᠡᠰᠬᠦᠯᠡᠩᠲᠦ ᠰᠠᠶᠢᠬᠠᠨ ᠪᠣᠯᠭᠠᠵᠤ᠂ ︽ᠭᠤᠷᠪᠠᠨ ᠤᠮᠠᠷᠠᠲᠤ︾ ᠶᠢᠨ ᠬᠠᠮᠠᠭᠠᠯᠠᠯᠲᠠ ᠶᠢᠨ ᠤᠢ ᠶᠢ 4084 | ᠮᠦ ᠨᠥᠬᠦᠨ ᠲᠠᠷᠢᠵᠤ᠂ 58 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠲᠠᠷᠢᠵᠤ᠂ 9 ᠲᠦᠮᠡᠨ ᠮᠦ ᠬᠥᠮᠥᠨ ᠤ ᠬᠦᠴᠦ ᠪᠠᠷ ᠡᠪᠡᠰᠦ ᠲᠠᠷᠢᠵᠤ᠂ 72.9 | ᠲᠡᠭᠰᠢ ᠳᠥᠷᠪᠡᠯᠵᠢᠨ ᠺᠢᠯᠣᠮᠧᠲᠷ ᠬᠥᠷᠥᠰᠥ ᠰᠢᠷᠣᠢ ᠶᠢᠨ ᠢᠳᠡᠭᠳᠡᠯ ᠢ ᠵᠠᠰᠠᠵᠤ᠂ 270 ᠵᠤᠷᠪᠤᠰ ᠢᠳᠡᠭᠳᠡᠯ ᠤᠨ ᠭᠤᠤ ᠶᠢ ᠵᠠᠰᠠᠪᠠ᠃ ᠬᠥᠬᠡ ᠲᠡᠭᠷᠢ᠂ ᠴᠡᠩᠬᠡᠷ | ᠤᠰᠤ᠂ ᠴᠡᠪᠡᠷ ᠬᠥᠷᠥᠰᠥ ᠶᠢ ᠬᠠᠮᠠᠭᠠᠯᠠᠬᠤ ᠲᠡᠶᠢᠨ ᠢ ᠭᠦᠨᠵᠡᠭᠡᠢ ᠰᠠᠶᠢᠲᠤᠷ ᠬᠢᠵᠦ᠂ ᠪᠥᠬᠦ ᠵᠢᠯ ᠤᠨ ᠠᠭᠠᠷ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ 97. | 4% ᠳᠤ ᠬᠦᠷᠦᠭᠦᠯᠵᠦ᠂ ᠶᠠᠯᠦ ᠭᠤᠣᠯ᠂ ᠵᠢᠴᠢᠨ ᠭᠤᠣᠯ ᠵᠡᠷᠭᠡ ᠭᠤᠣᠯ ᠪᠣᠯᠬᠤ ᠭᠤᠣᠯ ᠮᠥᠷᠡᠨ ᠤ ᠣᠭᠲᠣᠯᠣᠭᠠᠰᠤ ᠶᠢᠨ ᠤᠰᠤᠨ ᠤ ᠴᠢᠨᠠᠷ ᠢ Ⅱ ᠲᠥᠷᠥᠯ ᠤᠨ | ᠪᠠᠷᠢᠮᠵᠢᠶ᠎ᠠ ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠶᠡᠷᠦᠩᠬᠡᠢ ᠳᠡᠭᠡᠨ ᠲᠣᠭᠲᠠᠭᠤᠨ | ᠪᠠᠶᠢᠯᠭᠠᠨ᠎ᠠ᠃ | ᠪᠦᠬᠦ ᠵᠢᠯ ᠳᠤ ᠦᠢᠯᠡᠳᠪᠦᠷᠢᠯᠡᠯ ᠤᠨ ᠠᠶᠤᠯᠭᠦᠢ ᠶᠢᠨ ᠠᠳᠡᠯ 2 ᠤᠳᠠᠭ᠎ᠠ ᠭᠠᠷᠴᠤ᠂ 2 ᠬᠥᠮᠥᠨ ᠦᠬᠦᠵᠡᠢ᠃ | | | ᠳᠠᠭᠠᠯᠳᠤᠭᠤᠯᠤᠭᠰᠠᠨ ᠲᠠᠶᠢᠯᠪᠤᠷᠢ᠄ | 1. ᠲᠣᠰ ᠠᠯᠪᠠᠨ ᠮᠡᠳᠡᠭᠡ ᠶᠢᠨ ᠬᠡᠰᠡᠭ ᠲᠤᠭ᠎ᠠ ᠪᠠᠷᠢᠮᠲᠠ ᠨᠢ ᠲᠦᠷᠭᠡᠨ ᠮᠡᠳᠡᠭᠦᠯᠦᠭᠰᠡᠨ ᠲᠤᠭ᠎ᠠ ᠪᠠᠶᠢᠵᠤ᠂ ᠬᠠᠮᠤᠭ ᠡᠴᠦᠰ ᠤᠨ ᠲᠤᠭ᠎ᠠ ᠪᠠᠷᠢᠮᠲᠠ ᠨᠢ ︽ | ᠲᠤᠭ᠎ᠠ ᠪᠦᠷᠢᠳᠬᠡᠯ ᠤᠨ ᠣᠨ ᠤ ᠲᠣᠯᠢ︾ ᠪᠠᠷ ᠪᠠᠷᠢᠮᠵᠢᠶ᠎ᠠ ᠪᠣᠯᠭᠠᠨ᠎ᠠ᠃ | 2.ᠬᠡᠰᠡᠭ ᠲᠤᠭ᠎ᠠ ᠪᠠᠷᠢᠮᠲᠠ ᠨᠢ ᠳᠥᠷᠪᠡ ᠶᠢ ᠬᠠᠶᠠᠵᠤ ᠲᠠᠪᠤ ᠶᠢ ᠳᠡᠪᠰᠢᠭᠦᠯᠬᠦ ᠰᠢᠯᠲᠠᠭᠠᠨ ᠠᠴᠠ ᠪᠣᠯᠵᠤ᠂ ᠨᠡᠶᠢᠲᠡ ᠪᠠ ᠬᠤᠪᠢᠶᠠᠷᠢ ᠵᠦᠢᠯ ᠨᠢ ᠠᠳᠠᠯᠢ ᠪᠤᠰᠤ | ᠪᠠᠶᠢᠳᠠᠯ ᠲᠠᠢ ᠪᠠᠶᠢᠳᠠᠭ᠃ | 3.ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ᠂ ᠭᠤᠷᠪᠠᠨ ᠠᠵᠤ ᠦᠢᠯᠡᠰ ᠵᠢᠴᠢ ᠬᠠᠮᠢᠶ᠎ᠠ ᠪᠦᠬᠦᠢ ᠠᠵᠢᠯ ᠲᠥᠷᠥᠯ ᠤᠨ ᠨᠡᠮᠡᠭᠳᠡᠯ | ᠥᠷᠲᠡᠭ ᠤᠨ ᠬᠠᠷᠢᠴᠠᠯᠠᠰᠢᠭᠦᠢ ᠲᠤᠭ᠎ᠠ ᠶᠢ ᠣᠲᠣ ᠶᠢᠨ ᠦᠨ᠎ᠡ ᠪᠠᠷ ᠪᠤᠳᠤᠵᠤ᠂ ᠨᠡᠮᠡᠭᠳᠡᠯ ᠤᠨ ᠬᠤᠷᠳᠤᠴᠠ ᠶᠢ ᠥᠯᠥ ᠬᠤᠪᠢᠰᠬᠤ ᠦᠨ᠎ᠡ ᠪᠠᠷ ᠪᠤᠳᠤᠨ᠎ᠠ᠃ | 4.ᠨᠡᠮᠡᠭᠳᠡᠯ ᠤᠨ ᠬᠤᠷᠳᠤᠴᠠ ᠶᠢ ᠲᠣᠳᠣᠷᠬᠠᠶᠢᠯᠠᠬᠤ ᠠᠴᠠ ᠪᠤᠰᠤᠳ ᠨᠢ ᠴᠥᠮ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠭᠰᠠᠨ | ᠲᠤᠭ᠎ᠠ ᠬᠡᠮᠵᠢᠶ᠎ᠡ᠃ | 5.ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠶᠢᠨ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠪᠠᠷᠢᠮᠵᠢᠶ᠎ᠠ ᠪᠣᠯᠣᠨ᠎ᠠ᠃ | 6.ᠬᠤᠯᠪᠣᠭᠳᠠᠬᠤ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠴᠥᠮ ᠰᠠᠯᠠᠭ᠎ᠠ ᠮᠥᠴᠢᠷ ᠠᠴᠠ ᠬᠠᠩᠭᠠᠵᠤ᠂ ᠵᠠᠮ ᠬᠠᠷᠢᠯᠴᠠᠭ᠎ᠠ᠂ ᠰᠣᠶᠣᠯ ᠵᠢᠭᠤᠯᠴᠢᠯᠠᠯ᠂ | ᠣᠷᠴᠢᠨ ᠲᠣᠭᠤᠷᠢᠨ ᠳᠠᠬᠢ ᠬᠡᠰᠡᠭ ᠲᠤᠭ᠎ᠠ ᠪᠠᠷᠢᠮᠲᠠ ᠶᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠠᠴᠠ ᠠᠪᠤᠨ᠎ᠠ᠃ | | | | | | | |