ᠨᠢᠭᠡᠳᠦᠭᠡᠷ ᠤᠯᠠᠷᠢᠯ ᠳᠤ ᠵᠠᠯᠠᠨ ᠠᠶᠢᠯ ᠬᠤᠲᠠ ᠶᠢᠨ ᠠᠵᠤ ᠠᠬᠤᠢ ︽ᠰᠠᠶᠢᠨ ᠡᠬᠢᠯᠡᠯᠲᠡ ᠲᠠᠢ︾ ᠪᠣᠯᠪᠠ
ᠨᠡᠶᠢᠲᠡᠯᠡᠭᠰᠡᠨ ᠴᠠᠭ᠄
2025/5/21
    ᠨᠢᠭᠡᠳᠦᠭᠡᠷ ᠤᠯᠠᠷᠢᠯ ᠳᠤ᠂ ᠪᠦᠬᠦ ᠬᠤᠲᠠ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾  ᠢ ᠲᠦᠷᠭᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ  ᠪᠣᠳᠠᠲᠠᠢ ᠠᠳᠬᠤᠵᠤ᠂ ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ︽ᠵᠢᠷᠭᠤᠭᠠᠨ ᠲᠦᠷᠦᠭᠦᠯᠡᠬᠦ︾ ᠶᠢ ᠴᠢᠷᠮᠠᠶᠢᠨ ᠪᠡᠶᠡᠯᠡᠭᠦᠯᠵᠦ᠂ ᠪᠦᠬᠦ ᠬᠤᠳᠠ ᠶᠢᠨ ᠠᠵᠤ ᠠᠬᠤᠢ ᠳᠤ ᠲᠣᠭᠲᠠᠭᠤᠨ ᠤ ᠳᠤᠮᠳᠠ ᠰᠠᠶᠢᠵᠢᠷᠠᠬᠤ ᠪᠠᠶᠢᠳᠠᠯ ᠢᠯᠡᠷᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ᠂ ᠪᠡᠯᠡ ᠣᠷᠣᠭᠤᠯᠤᠯᠲᠠ ᠵᠡᠷᠭᠡ ᠤᠯᠠᠨ ᠵᠦᠢᠯ ᠤᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠬᠥᠯᠥᠨ ᠪᠤᠶᠢᠷ ᠬᠤᠳᠠ ᠶᠢᠨ ᠡᠮᠦᠨ᠎ᠡ ᠡᠩᠨᠡᠭᠡᠨ ᠳᠤ ᠣᠷᠣᠵᠤ᠂ ᠨᠢᠭᠡᠳᠦᠭᠡᠷ ᠤᠯᠠᠷᠢᠯ ᠳᠤ ᠪᠦᠬᠦ ᠬᠤᠳᠠ ᠶᠢᠨ ᠠᠵᠤ ᠠᠬᠤᠢ ︽ᠰᠠᠶᠢᠨ ᠡᠬᠢᠯᠡᠯᠲᠡ︾ ᠶᠢ ᠤᠷᠤᠭᠰᠢᠲᠠᠢ ᠪᠡᠶᠡᠯᠡᠭᠦᠯᠪᠡ᠃    ᠬᠤᠰᠢᠭᠤ ᠬᠤᠲᠠ ᠲᠣᠭᠤᠷᠢᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2025 ᠣᠨ ᠤ ᠨᠢᠭᠡᠳᠦᠭᠡᠷ ᠤᠯᠠᠷᠢᠯ ᠳᠤ ᠪᠥᠬᠦ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 39.97 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 4.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.5% ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 16.24 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 7.7% ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 18.82 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.5% ᠨᠡᠮᠡᠭᠳᠡᠪᠡ᠃    ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠶᠢᠳᠠᠯ ᠰᠠᠶᠢᠨ᠂ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠭᠦᠢᠴᠡᠳ    ᠨᠢᠭᠡᠳᠦᠭᠡᠷ ᠤᠯᠠᠷᠢᠯ ᠳᠤ᠂ ᠪᠥᠬᠦ ᠬᠤᠲᠠ ᠶᠢᠨ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠦᠢᠯᠡᠳᠬᠦᠨ ᠤ ᠪᠥᠬᠦ ᠥᠷᠲᠡᠭ 9.08 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 2.8% ᠪᠠᠷ ᠨᠡᠮᠡᠭᠳᠡᠵᠡᠢ᠃ ᠲᠠᠷᠢᠶᠠᠯᠠᠩ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠲᠠᠷᠢᠶᠠᠯᠠᠭ᠎ᠠ ᠶᠢ ᠡᠮᠬᠢ ᠵᠢᠷᠤᠮ ᠲᠠᠢ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠨᠡᠮᠡᠭᠳᠡᠯ ᠤᠨ ᠬᠠᠨᠳᠤᠰᠢ ᠲᠣᠭᠲᠠᠭᠤᠨ ᠪᠠᠶᠢᠨ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠪᠦᠷᠢᠳᠬᠡᠯ ᠢ ᠦᠨᠳᠦᠰᠦᠯᠡᠪᠡᠯ᠂ ᠪᠥᠬᠦ ᠬᠤᠲᠠ ᠶᠢᠨ ᠭᠠᠭ᠋ᠠᠢ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 1.41 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13% ᠪᠠᠷ ᠨᠡᠮᠡᠭᠳᠡᠪᠡ︔ ᠵᠢᠭᠦᠷᠲᠡᠨ ᠤ ᠥᠨᠳᠡᠭᠡ ᠶᠢᠨ ᠭᠠᠷᠤᠯᠲᠠ 0.25 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.6% ᠨᠡᠮᠡᠭᠳᠡᠪᠡ︔ ᠰᠦᠨ ᠤ ᠲᠥᠷᠥᠯ ᠤᠨ ᠭᠠᠷᠤᠯᠲᠠ 1.65 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠪᠡ᠃    ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠬᠦᠴᠦᠲᠦ ᠬᠦᠴᠦᠨ ᠲᠠᠢ ᠪᠠᠶᠢᠵᠤ᠂ ᠦᠢᠯᠡᠳᠬᠦ ᠦᠢᠯᠡᠰ ᠤᠨ ᠲᠤᠯᠭᠠᠭᠤᠷᠢᠯᠠᠯ ᠬᠦᠴᠦᠨ ᠲᠠᠢ    ᠨᠢᠭᠡᠳᠦᠭᠡᠷ ᠤᠯᠠᠷᠢᠯ ᠳᠤ᠂ ᠪᠥᠬᠦ ᠬᠤᠲᠠ ᠶᠢᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8.7% ᠪᠠᠷ ᠨᠡᠮᠡᠭᠳᠡᠵᠦ᠂ ᠲᠦᠷᠦᠭᠦᠸ ᠵᠢᠯ ᠤᠨ ᠠᠳᠠᠯᠢ ᠬᠤᠭᠤᠴᠠᠭᠠᠨ ᠤ ᠬᠢ ᠠᠴᠠ 1.1 ᠵᠠᠭᠤᠨ ᠤ ᠨᠢᠭᠡᠴᠢ ᠳᠡᠭᠡᠭᠰᠢᠯᠡᠵᠡᠢ᠂ ᠡᠭᠦᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.5% ᠪᠠᠷ ᠨᠡᠮᠡᠭᠳᠡᠵᠡᠢ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠣᠯ ᠦᠢᠯᠡᠳᠬᠦᠨ ᠤ ᠭᠠᠷᠤᠯᠲᠠ ᠠᠴᠠ ᠦᠵᠡᠪᠡᠯ᠂ ᠮᠠᠰᠢᠨ ᠢᠶᠠᠷ ᠦᠢᠯᠡᠳᠦᠭᠰᠡᠨ ᠴᠠᠭᠠᠰᠤ ᠵᠢᠴᠢ ᠴᠠᠭᠠᠰᠤᠨ ᠬᠠᠪᠲᠠᠰᠤᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 64% ᠨᠡᠮᠡᠭᠳᠡᠵᠦ᠂ ᠲᠤᠭᠤᠯᠭᠠᠨ ᠲᠡᠮᠦᠷᠯᠢᠭ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 31.3% ᠨᠡᠮᠡᠭᠳᠡᠵᠦ᠂ ᠬᠢᠮᠡᠯ ᠬᠠᠪᠲᠠᠰᠤᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 22.4% ᠨᠡᠮᠡᠭᠳᠡᠵᠦ᠂ ᠠᠮᠲᠠᠨ ᠤᠭᠢ ᠶᠢᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 3.2% ᠨᠡᠮᠡᠭᠳᠡᠵᠡᠢ᠃    ᠦᠢᠯᠡᠴᠢᠯᠡᠭᠡᠨ ᠤ ᠦᠢᠯᠡᠰ ᠲᠣᠭᠲᠠᠭᠤᠨ ᠢᠶᠠᠷ ᠨᠡᠮᠡᠭᠳᠡᠵᠦ᠂ ᠭᠤᠣᠯᠳᠠᠯᠭ᠎ᠠ  ᠲᠠᠢ ᠠᠵᠢᠯ ᠲᠥᠷᠥᠯ ᠤᠨ ᠬᠥᠭᠵᠢᠯᠲᠡ ᠲᠣᠭᠲᠠᠭᠤᠨ ᠪᠠᠶᠢᠨ᠎ᠠ    ᠨᠢᠭᠡᠳᠦᠭᠡᠷ ᠤᠯᠠᠷᠢᠯ ᠳᠤ᠂ ᠪᠥᠬᠦ ᠬᠤᠲᠠ ᠶᠢᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.5% ᠪᠠᠷ ᠨᠡᠮᠡᠭᠳᠡᠪᠡ᠃ ᠲᠤᠯᠤᠭᠠᠨ ᠶᠡᠭᠡ ᠠᠵᠢᠯ ᠲᠥᠷᠥᠯ ᠤᠨ ︽ᠵᠢᠷᠭᠤᠭ᠎ᠠ ᠶᠢ ᠨᠡᠮᠡᠭᠳᠡᠭᠦᠯᠵᠦ ᠨᠢᠭᠡ ᠶᠢ ᠪᠠᠭᠤᠷᠠᠭᠤᠯᠤᠨ᠎ᠠ︾᠂ ᠡᠭᠦᠨ ᠳᠤ ᠠᠰᠢᠭ ᠬᠤᠨᠵᠢᠪᠤᠷᠢ ᠶᠢᠨ ᠴᠢᠨᠠᠷᠲᠠᠢ ᠦᠢᠯᠡᠴᠢᠯᠡᠭᠡᠨ ᠤ ᠦᠢᠯᠡᠰ ᠪᠠ ᠠᠰᠢᠭ ᠬᠤᠨᠵᠢᠪᠤᠷᠢ ᠶᠢᠨ ᠪᠤᠰᠤ ᠴᠢᠨᠠᠷᠲᠠᠢ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 7.2%᠂ 6.4% ᠪᠠᠷ ᠨᠡᠮᠡᠭᠳᠡᠪᠡ᠃    ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠠᠨᠳᠤᠰᠢ ᠬᠦᠴᠦᠲᠡᠢ ᠪᠠᠶᠢᠵᠤ᠂ ᠲᠣᠮᠣ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠲᠤᠯᠭᠠᠭᠤᠷᠢᠯᠠᠯ ᠬᠦᠴᠦᠲᠡᠢ    ᠨᠢᠭᠡᠳᠦᠭᠡᠷ ᠤᠯᠠᠷᠢᠯ ᠳᠤ᠂ ᠪᠥᠬᠦ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠠᠯᠬᠤᠮ ᠠᠯᠬᠤᠮ ᠢᠶᠠᠷ ᠥᠷᠭᠡᠳᠴᠦ᠂ ᠠᠳᠠᠯᠢ ᠬᠤᠭᠤᠴᠠᠭᠠᠨ ᠤ ᠬᠢ ᠠᠴᠠ 37.7% ᠪᠠᠷ ᠨᠡᠮᠡᠭᠳᠡᠪᠡ᠃ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠴᠡ ᠠᠴᠠ ᠦᠵᠡᠪᠡᠯ᠂ 5000 ᠲᠦᠮᠡ ᠠᠴᠠ ᠳᠡᠭᠡᠭᠰᠢᠬᠢ ᠲᠥᠷᠥᠯ ᠵᠦᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 37.1% ᠪᠠᠷ ᠨᠡᠮᠡᠭᠳᠡᠵᠦ᠂ ᠪᠥᠬᠦ ᠬᠤᠲᠠ ᠶᠢᠨ 98.95% ᠶᠢᠨ ᠪᠡᠯᠡ ᠣᠷᠣᠭᠤᠯᠤᠯᠲᠠ ᠶᠢ ᠪᠡᠶᠡᠯᠡᠭᠦᠯᠪᠡ︔ 5000 ᠲᠦᠮᠡ ᠠᠴᠠ ᠳᠣᠷᠣᠭᠰᠢᠬᠢ ᠲᠦᠷᠦᠯ ᠵᠦᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 51.93% ᠨᠡᠮᠡᠭᠳᠡᠵᠦ᠂ ᠪᠦᠬᠦ ᠬᠤᠳᠠ ᠶᠢᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ 0.73% ᠢ ᠡᠵᠡᠯᠡᠪᠡ᠃    ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠰᠠᠶᠢᠵᠢᠷᠠᠵᠤ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠨᠡᠮᠡᠭᠳᠡᠯ ᠨᠡᠯᠢᠶᠡᠳ ᠲᠦᠷᠭᠡᠨ ᠪᠠᠶᠢᠨ᠎ᠠ    ᠨᠢᠭᠡᠳᠦᠭᠡᠷ ᠤᠯᠠᠷᠢᠯ ᠳᠤ᠂ ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 8.94 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6% ᠪᠠᠷ ᠨᠡᠮᠡᠭᠳᠡᠪᠡ᠃ ᠡᠵᠡᠩᠨᠡᠯᠲᠡ ᠶᠢᠨ ᠨᠢᠭᠡᠴᠡ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠵᠦ᠂ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠡᠷᠡᠭᠯᠡᠭᠡᠨ ᠤ ᠲᠥᠷᠥᠯ ᠵᠦᠢᠯ ᠢᠶᠠᠷ ᠬᠤᠪᠢᠶᠠᠪᠠᠯ᠂ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠪᠡ︔ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 6% ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠪᠣᠷᠤᠯᠠᠭᠤᠯᠭ᠎ᠠ ᠨᠡᠯᠢᠶᠡᠳ ᠰᠠᠶᠢᠨ ᠪᠠᠶᠢᠵᠤ᠂ ᠡᠳᠦᠷ ᠲᠤᠲᠤᠮ ᠤᠨ ᠬᠡᠷᠡᠭᠯᠡᠭᠡᠨ ᠤ ᠵᠦᠢᠯ ᠤᠨ ᠵᠦᠢᠯ ᠠᠳᠠᠯᠢ ᠬᠤᠭᠤᠴᠠᠭᠠᠨ ᠤ ᠬᠢ ᠠᠴᠠ 76.3% ᠨᠡᠮᠡᠭᠳᠡᠵᠦ᠂ ᠤᠮᠳᠠᠭᠠᠨ ᠤ ᠵᠦᠢᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 76.1% ᠨᠡᠮᠡᠭᠳᠡᠵᠦ᠂ ᠠᠷᠢᠬᠢ ᠲᠠᠮᠠᠬᠢᠨ ᠤ ᠵᠦᠢᠯ ᠠᠳᠠᠯᠢ ᠬᠤᠭᠤᠴᠠᠭᠠᠨ ᠤ ᠬᠢ ᠠᠴᠠ 71.2% ᠨᠡᠮᠡᠭᠳᠡᠵᠡᠢ᠃ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠦᠷᠭᠦᠯᠵᠢᠯᠡᠨ ᠢᠯᠡᠳᠲᠡ ᠦᠷ᠎ᠡ ᠪᠦᠲᠦᠮᠵᠢ ᠣᠯᠵᠤ᠂ ᠬᠢᠵᠠᠭᠠᠷᠯᠠᠭᠰᠠᠨ ᠲᠤᠭ᠎ᠠ  ᠠᠴᠠ ᠳᠡᠭᠡᠭᠰᠢᠬᠢ ᠨᠢᠭᠡᠴᠡ ᠶᠢᠨ ᠭᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 64.6% ᠪᠠᠷ ᠨᠡᠮᠡᠭᠳᠡᠪᠡ᠃    ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠳᠡᠭᠡᠭᠰᠢᠯᠡᠵᠦ ᠲᠠᠷᠢᠶᠠᠯᠠᠩ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠬᠤᠲᠠ ᠶᠢᠨ ᠣᠷᠣᠯᠭ᠎ᠠ  ᠠᠴᠠ ᠬᠤᠷᠳᠣᠨ    ᠨᠢᠭᠡᠳᠦᠭᠡᠷ ᠤᠯᠠᠷᠢᠯ ᠳᠤ᠂ ᠪᠥᠬᠦ ᠬᠤᠲᠠ ᠶᠢᠨ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 11202 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.6% ᠪᠠᠷ ᠨᠡᠮᠡᠭᠳᠡᠪᠡ᠃ ᠪᠠᠶᠢᠩᠭᠤ ᠰᠠᠭᠤᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 12684 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.9% ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 9375 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.2% ᠨᠡᠮᠡᠭᠳᠡᠪᠡ᠃    ᠶᠡᠷᠦᠩᠬᠡᠢ ᠳᠤᠨᠢ ᠠᠪᠴᠤ ᠦᠵᠡᠪᠡᠯ᠂ ᠨᠢᠭᠡᠳᠦᠭᠡᠷ ᠤᠯᠠᠷᠢᠯ ᠳᠤ᠂ ᠪᠥᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠪᠠᠶᠢᠵᠤ ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠳᠤ ᠢᠳᠡᠪᠬᠢᠲᠡᠢ ᠬᠤᠪᠢᠷᠠᠯᠲᠠ ᠭᠠᠷᠴᠤ᠂ ᠰᠠᠶᠢᠵᠢᠷᠠᠬᠤ ᠬᠦᠴᠦᠨ ᠵᠦᠢᠯ ᠨᠡᠶᠢᠲᠡ ᠨᠡᠮᠡᠭᠳᠡᠨ᠂ ᠪᠥᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠲᠠᠷᠠᠭᠠᠴᠢ ᠶᠢᠨ ᠱᠠᠲᠤᠨ ᠳᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠪᠴᠢᠯᠡᠨ ᠪᠣᠶᠢᠵᠢᠭᠤᠯᠵᠤ᠂ ᠠᠵᠤ ᠠᠬᠤᠢ ᠶᠢᠨ ᠲᠣᠭᠲᠠᠭᠤᠨ ᠪᠠᠶᠢᠯᠭᠠᠬᠤ ᠶᠢᠨ ᠵᠡᠷᠭᠡ ᠳᠤ ᠰᠠᠶᠢᠵᠢᠷᠠᠬᠤ ᠬᠠᠨᠳᠤᠰᠢ ᠶᠢ ᠲᠠᠰᠤᠷᠠᠯᠲᠠ ᠦᠭᠡᠢ ᠪᠠᠬᠢᠵᠢᠭᠦᠯᠦᠨ ᠠᠬᠢᠭᠤᠯᠤᠨ᠎ᠠ᠃  
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ