ᠰᠣᠯᠣᠩᠭᠤᠰ ᠦᠨᠳᠦᠰᠦᠲᠡᠨ ᠤ ᠣᠨᠴᠠᠯᠢᠭᠲᠤ ᠠᠷᠠᠳ ᠤᠨ ᠵᠠᠩ ᠦᠢᠯᠡ ᠶᠢᠨ ᠲᠣᠰᠬᠤᠨ    ᠰᠢᠶᠠᠨ  ᠭᠤᠸᠠᠩ ᠲᠣᠰᠬᠤᠨ
ᠨᠡᠶᠢᠲᠡᠯᠡᠭᠰᠡᠨ ᠴᠠᠭ᠄
2025/5/22
    ᠭᠤᠤ ᠲᠠᠢ ᠽᠢ ᠵᠡᠭᠡᠯᠢ ᠭᠤᠳᠤᠮᠵᠢ ᠶᠢᠨ ᠰᠢᠶᠠᠨ  ᠭᠤᠸᠠᠩ ᠲᠣᠰᠬᠤᠨ ᠨᠢ ᠥᠪᠥᠷ ᠮᠣᠩᠭᠤᠯ ᠤᠨ ᠵᠠᠯᠠᠨ ᠠᠶᠢᠯ ᠬᠤᠳᠠ ᠶᠢᠨ ᠡᠮᠦᠨ᠎ᠡ ᠭᠠᠷᠴᠠ ᠶᠢᠨ ᠤᠮᠠᠷ᠎ᠠ ᠠᠴᠠ 200 ᠮᠧᠲᠷ ᠰᠢᠬᠠᠮ ᠬᠡᠮᠵᠢᠯᠲᠡ ᠲᠠᠢ ᠭᠠᠵᠠᠷ ᠲᠤ ᠪᠠᠶᠢᠷᠢᠯᠠᠵᠤ᠂ ᠠᠭᠤᠯᠠ ᠶᠢ ᠲᠦᠰᠢᠨ ᠤᠰᠤ ᠶᠢ ᠬᠠᠪᠢᠳᠠᠵᠤ᠂ ᠦᠵᠡᠰᠬᠦᠯᠡᠩᠲᠦ ᠰᠠᠶᠢᠬᠠᠨ ᠦᠵᠡᠮᠵᠢ ᠲᠠᠢ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠶᠢᠨ  ᠵᠦᠩ ᠳ᠋ᠦᠩ ᠲᠡᠮᠦᠷ ᠵᠠᠮ ᠤᠨ ᠪᠠᠭᠤᠷᠢ᠂ ᠯᠢᠶᠣᠤ ᠤᠯᠤᠰ ᠤᠨ ᠦᠶ᠎ᠡ ᠶᠢᠨ ᠭᠤᠤ ᠲᠠᠢ ᠽᠢ ᠶᠢᠨ ᠡᠷᠲᠡᠨ ᠤ ᠬᠤᠳᠠ ᠶᠢᠨ ᠪᠠᠭᠤᠷᠢ ᠲᠠᠢ ᠬᠥᠷᠰᠢᠯᠡᠵᠦ᠂ ᠲᠡᠦᠬᠡ ᠰᠣᠶᠣᠯ ᠵᠤᠭᠠᠴᠠᠯ ᠤᠨ ᠡᠬᠢ ᠪᠠᠶᠠᠯᠢᠭ ᠡᠯᠪᠡᠭ ᠪᠠᠶᠠᠯᠢᠭ ᠪᠠᠶᠢᠳᠠᠭ᠃ ᠰᠢᠶᠠᠨ  ᠭᠤᠸᠠᠩ ᠲᠣᠰᠬᠤᠨ ᠳᠤ ᠣᠳᠣ 33 ᠡᠷᠦᠬᠡ 70 ᠬᠥᠮᠥᠨ ᠠᠮᠠ ᠲᠠᠢ᠂ 98% ᠨᠢ ᠰᠣᠯᠣᠩᠭᠤᠰ ᠦᠨᠳᠦᠰᠦᠲᠡᠨ ᠪᠣᠯᠣᠨ᠎ᠠ᠃ ᠪᠥᠬᠦ ᠲᠣᠰᠬᠤᠨ ᠤ ᠲᠠᠷᠢᠶᠠᠨ ᠭᠠᠵᠠᠷ ᠤᠨ ᠲᠠᠯᠠᠪᠠᠶ ᠨᠢ 1823 ᠮᠦ᠂ ᠤᠰᠤᠨ ᠲᠤᠲᠤᠷᠭ᠎ᠠ ᠳᠠᠷᠢᠬᠤ ᠲᠠᠯᠠᠪᠠᠶ ᠨᠢ 1630 ᠮᠦ ᠪᠠᠶᠢᠵᠤ᠂ ᠬᠤᠲᠠ ᠶᠢᠨ ᠲᠡᠭᠦᠷᠭᠡ ᠶᠢᠨ ᠬᠠᠮᠤᠭ ᠤᠨ ᠲᠣᠮᠣ ᠤᠰᠤᠨ ᠲᠤᠲᠤᠷᠭ᠎ᠠ ᠳᠠᠷᠢᠬᠤ ᠲᠣᠰᠬᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠣᠰᠬᠤᠨ ᠪᠣᠯᠣᠨ᠎ᠠ᠃

5-1.png

   

    ᠣᠶᠢᠷ᠎ᠠ ᠶᠢᠨ ᠵᠢᠯ ᠠᠴᠠ᠂ ᠰᠢᠶᠠᠨ ᠭᠤᠸᠠᠩ ᠲᠣᠰᠬᠤᠨ ᠤ ᠬᠢᠨ ᠰᠣᠯᠣᠩᠭᠤᠰ ᠤᠨ ᠵᠠᠩ ᠦᠢᠯᠡ ᠶᠢᠨ ᠬᠦᠷᠢᠶᠡᠯᠡᠩ ᠤᠨ ᠣᠨᠴᠠᠯᠢᠭᠲᠤ ᠬᠥᠳᠡᠭᠡ ᠲᠣᠰᠬᠤᠨ ᠤ

ᠵᠤᠭᠠᠴᠠᠯ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠺᠣᠷᠢᠶᠠ ᠮᠠᠶ᠋ᠢᠭ ᠤᠨ 31 ᠠᠷᠠᠳ ᠤᠨ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠵᠤ᠂ ᠰᠣᠯᠣᠩᠭᠤᠰ

ᠦᠨᠳᠦᠰᠦᠲᠡᠨ ᠤ ᠢᠳᠡᠭᠡᠨ ᠤ ᠦᠢᠯᠡᠳᠪᠦᠷᠢ 1᠂ ᠠᠷᠠᠳ ᠤᠨ ᠣᠷᠣᠨ ᠰᠠᠭᠤᠴᠠ ᠶᠢᠨ ᠰᠣᠶᠣᠯ ᠤᠨ ᠬᠤᠩᠭᠢᠯ ᠢ ᠰᠢᠨ᠎ᠡ ᠪᠠᠷ ᠪᠠᠶᠢᠭᠤᠯᠵᠤ᠂ ᠰᠣᠯᠣᠩᠭᠤᠰ

ᠦᠨᠳᠦᠰᠦᠲᠡᠨ ᠤ ᠣᠨᠴᠠᠯᠢᠭᠲᠤ ᠢᠳᠡᠭᠡᠨ ᠤᠮᠳᠠᠭᠠᠨ᠂ ᠵᠢᠭᠠᠰᠤ ᠭᠥᠬᠢᠳᠡᠬᠦ ᠬᠦᠷᠢᠶᠡᠯᠡᠩ ᠵᠡᠷᠭᠡ ᠣᠨᠴᠠᠯᠢᠭᠲᠤ ᠠᠵᠤ ᠦᠢᠯᠡᠰ ᠢ ᠬᠥᠭᠵᠢᠭᠦᠯᠪᠡ᠃ ᠦᠨᠳᠦᠰᠦᠲᠡᠨ ᠤ

ᠣᠨᠴᠠᠯᠢᠭᠲᠤ ᠢᠳᠡᠭᠡᠨ ᠤᠮᠳᠠᠭᠠᠨ ᠤ ᠵᠢᠵᠢᠭ ᠢᠳᠡᠭᠡᠨ᠂ ᠠᠷᠠᠳ ᠤᠨ ᠣᠷᠣᠨ ᠰᠠᠭᠤᠴᠠ ᠶᠢᠨ ᠵᠤᠭᠠᠴᠠᠯ ᠤᠨ ᠵᠣᠴᠢᠯᠠᠭ᠎ᠠ᠂ ᠬᠤᠳᠠ ᠶᠢᠨ ᠲᠡᠬᠦᠷᠭᠡ ᠶᠢᠨ ᠡᠯᠧᠺᠲᠷᠣᠨ

ᠬᠤᠳᠠᠯᠳᠤᠭᠠᠨ ᠤ ᠣᠨᠴᠠᠯᠢᠭᠲᠤ ᠲᠣᠰᠬᠤᠨ ᠵᠡᠷᠭᠡ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠶᠠᠭ ᠲᠣᠭᠲᠠᠭᠤᠨ ᠢᠶᠠᠷ ᠡᠬᠢᠯᠡᠭᠦᠯᠵᠦ᠂ ᠡᠬᠡ ᠤᠯᠤᠰ ᠤᠨ

ᠤᠮᠠᠷᠠᠲᠤ ᠶᠢᠨ ᠦᠨᠳᠦᠰᠦᠲᠡᠨ ᠤ ᠪᠦᠯᠬᠦᠮᠳᠡᠯ᠂ ᠬᠠᠮᠲᠤ ᠶᠢᠨ ᠬᠥᠭᠵᠢᠯᠲᠡ᠂ ᠬᠠᠮᠲᠤ ᠶᠢᠨ ᠴᠡᠴᠡᠭᠯᠡᠯᠲᠡ ᠶᠢ ᠬᠠᠮᠲᠤᠪᠠᠷ ᠡᠳ᠋ᠯᠡᠬᠦ ᠵᠢᠱᠢᠶ᠎ᠡ ᠦᠵᠡᠭᠦᠯᠵᠦ ᠬᠥᠲᠥᠯᠥᠨ

ᠳᠠᠭᠠᠭᠤᠯᠬᠤ ᠲᠣᠰᠬᠤᠨ ᠪᠣᠯᠭᠠᠨ ᠡᠮᠬᠢ ᠵᠢᠷᠤᠮ ᠲᠠᠢ ᠬᠥᠭᠵᠢᠭᠦᠯᠪᠡ᠃

5-2.png

  

    ᠰᠢᠶᠠᠨ  ᠭᠤᠸᠠᠩ ᠲᠣᠰᠬᠤᠨ ᠤ ᠣᠨᠴᠠᠯᠢᠭᠲᠤ ᠠᠷᠠᠳ ᠤᠨ ᠣᠷᠣᠨ ᠰᠠᠭᠤᠴᠠ ᠶᠢᠨ ᠪᠠᠭ᠎ᠠ ᠬᠦᠷᠢᠶ᠎ᠡ ᠨᠢ ᠰᠣᠯᠣᠩᠭᠤᠰ ᠦᠨᠳᠦᠰᠦᠲᠡᠨ ᠤ ᠵᠠᠩ ᠦᠢᠯᠡ ᠪᠠᠷ

ᠰᠠᠭᠤᠷᠢ ᠪᠣᠯᠭᠠᠵᠤ᠂ ᠣᠨᠴᠠᠯᠢᠭᠲᠤ ᠠᠷᠠᠳ ᠤᠨ ᠣᠷᠣᠨ ᠰᠠᠭᠤᠴᠠ᠂ ᠭᠤᠣᠯ ᠰᠡᠳᠦᠪᠲᠦ  ᠴᠡᠩᠭᠡᠯ ᠤᠨ ᠣᠷᠳᠣᠨ᠂ ᠲᠤᠰᠠᠭᠠᠷ ᠪᠠᠭ᠎ᠠ ᠬᠦᠷᠢᠶ᠎ᠡ ᠲᠠᠢ ᠬᠤᠳᠠ ᠶᠢᠨ

ᠲᠡᠭᠦᠷᠭᠡ ᠶᠢᠨ ᠵᠤᠭᠠᠴᠠᠯ ᠤᠨ ᠪᠠᠭ᠎ᠠ ᠬᠦᠷᠢᠶ᠎ᠡ ᠶᠢ ᠪᠠᠶᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠣᠯᠣᠩᠭᠤᠰ ᠦᠨᠳᠦᠰᠦᠲᠡᠨ ᠤ ᠰᠣᠶᠣᠯ ᠤᠨ

ᠣᠨᠴᠠᠯᠢᠭᠲᠤ ᠬᠥᠭᠡᠭᠡᠴᠡᠯᠳᠦᠯ ᠪᠠ ᠲᠥᠷᠥᠭᠳᠡᠯ ᠢ ᠬᠠᠩᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠰᠡᠳᠬᠢᠯ ᠰᠠᠨᠠᠭ᠎ᠠ ᠪᠠᠨ ᠲᠠᠶᠢᠪᠤᠰᠢᠷᠠᠭᠤᠯᠬᠤ ᠶᠢᠨ

ᠬᠠᠮᠲᠤ ᠨᠡᠩ ᠤᠯᠠᠨ ᠦᠨᠳᠦᠰᠦᠲᠡᠨ ᠤ ᠬᠤᠭᠤᠷᠣᠨᠳᠣᠬᠢ ᠤᠯᠠᠮᠵᠢᠯᠠᠯᠲᠤ ᠰᠣᠶᠣᠯ ᠢ ᠣᠶᠢᠯᠠᠭᠠᠭᠤᠯᠤᠭᠰᠠᠨ ᠪᠠᠶᠢᠨ᠎ᠠ᠃

5-3.png

   

    ᠰᠢᠶᠠᠨ  ᠭᠤᠸᠠᠩ ᠲᠣᠰᠬᠤᠨ ᠤ ᠠᠷᠠᠳ ᠤᠨ ᠰᠠᠭᠤᠭᠠᠯᠢ  ᠨᠢ ᠰᠢᠶᠠᠨ  ᠭᠤᠸᠠᠩ ᠲᠣᠰᠬᠤᠨ ᠤ ᠭᠠᠵᠠᠷ ᠵᠦᠢ ᠶᠢᠨ ᠳᠠᠪᠠᠭᠤᠯᠢᠭ᠂ ᠠᠮᠢ ᠠᠬᠤᠢ ᠶᠢᠨ

ᠳᠠᠪᠠᠭᠤᠯᠢᠭ᠂ ᠰᠣᠶᠣᠯ ᠤᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠢᠯᠡᠷᠡᠭᠦᠯᠵᠦ᠂ ᠵᠠᠯᠠᠨ ᠠᠶᠢᠯ ᠬᠤᠳᠠ ᠶᠢᠨ ᠦᠨᠳᠦᠰᠦᠲᠡᠨ ᠤ ᠭᠠᠵᠠᠷ

ᠣᠷᠣᠨ ᠤ ᠵᠤᠭᠠᠴᠠᠯ ᠤᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠠᠬ᠎ᠠ ᠳᠡᠭᠦᠦ ᠨᠠᠷ ᠤᠨ ᠰᠣᠯᠢᠯᠴᠠᠭᠠᠨ ᠤ ᠲᠠᠪᠴᠠᠩ ᠢ

ᠬᠠᠩᠭᠠᠵᠤ᠂ ︽ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ ᠰᠡᠳᠬᠢᠯ ᠵᠢᠷᠦᠬᠡ ᠪᠠᠨ ᠬᠠᠮᠲᠤᠳᠬᠠᠨ ᠨᠠᠮ ᠤᠨ ᠦᠨᠳᠦᠰᠦᠲᠡᠨ ᠢ ᠪᠦᠯᠬᠦᠮᠳᠡᠭᠦᠯᠦᠨ ᠤᠮᠠᠷᠠᠲᠤ 

ᠬᠢᠯᠢ ᠶᠢ ᠪᠠᠬᠢᠵᠢᠭᠦᠯᠬᠦ︾ ᠲᠦᠷᠦᠯ ᠲᠡᠮᠳᠡᠭ ᠢ ᠡᠭᠦᠳᠬᠦ  ᠳᠤ ᠬᠦᠴᠦᠲᠡᠢ ᠲᠤᠯᠭᠠᠭᠤᠷᠢᠯᠠᠯ ᠪᠣᠯᠤᠭᠰᠠᠨ ᠪᠠᠶᠢᠨ᠎ᠠ᠃

 

ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ