ᠳᠠᠭᠤᠷ ᠦᠨᠳᠦᠰᠦᠲᠡᠨ ᠤ ᠰᠢᠶᠠᠩ  ᠤᠨ ᠠᠷᠠᠰᠤᠨ ᠵᠢᠷᠤᠭ ᠤᠨ ᠣᠨᠴᠠᠯᠢᠭᠲᠤ ᠭᠠᠷ ᠤᠷᠠᠯᠠᠯ ᠤᠨ ᠪᠦᠲᠦᠭᠡᠭᠳᠡᠬᠦᠨ
ᠨᠡᠶᠢᠲᠡᠯᠡᠭᠰᠡᠨ ᠴᠠᠭ᠄
2025/5/22
    ᠳᠠᠭᠤᠷ ᠦᠨᠳᠦᠰᠦᠲᠡᠨ ᠤᠷᠳᠤ ᠤᠳᠠᠭᠠᠨ ᠲᠡᠦᠬᠡ ᠶᠢᠨ ᠬᠥᠭᠵᠢᠯᠲᠡ ᠶᠢᠨ ᠶᠠᠪᠤᠴᠠ ᠳᠠᠭᠠᠨ ᠥᠪᠡᠷᠮᠢᠴᠡ ᠣᠨᠴᠠᠯᠢᠭ ᠲᠠᠢ ᠦᠨᠳᠦᠰᠦᠲᠡᠨ ᠤ ᠦᠢᠯᠡᠳᠪᠦᠷᠢᠯᠡᠯ ᠠᠮᠢᠳᠤᠷᠠᠯ ᠤᠨ ᠵᠠᠩ ᠳᠠᠳᠬᠠᠯ ᠢ ᠪᠦᠷᠢᠯᠳᠦᠭᠦᠯᠵᠦ᠂ ᠥᠪᠡᠷᠮᠢᠴᠡ ᠣᠨᠴᠠᠯᠢᠭ ᠲᠠᠢ ᠦᠨᠳᠦᠰᠦᠲᠡᠨ ᠤ ᠰᠣᠶᠣᠯ ᠢ ᠪᠤᠢ ᠪᠣᠯᠭᠠᠵᠠᠢ᠂ ︽ᠮᠣᠳᠣᠨ ᠬᠠᠯᠢᠰᠤᠨ ᠵᠢᠷᠤᠭ︾᠂ ︽ᠠᠷᠠᠰᠤᠨ ᠵᠢᠷᠤᠭ︾ ᠪᠣᠯ ᠳᠠᠭᠤᠷ ᠦᠨᠳᠦᠰᠦᠲᠡᠨ ᠤ ᠲᠥᠯᠥᠭᠡᠯᠡᠬᠦ ᠴᠢᠨᠠᠷ ᠲᠠᠢ ᠥᠪᠡᠷᠮᠢᠴᠡ ᠣᠨᠴᠠᠯᠢᠭ ᠲᠠᠢ ᠭᠠᠷ ᠤᠷᠠᠯᠠᠯ ᠤᠨ ᠪᠦᠲᠦᠭᠡᠭᠳᠡᠬᠦᠨ ᠪᠠᠶᠢᠵᠤ᠂ ᠮᠠᠰᠢ  ᠶᠡᠭᠡ ᠬᠠᠮᠠᠭᠠᠯᠠᠯᠲᠠ᠂ ᠤᠯᠠᠮᠵᠢᠯᠠᠯ ᠤᠨ ᠦᠨ᠎ᠡ ᠦᠷᠳᠡᠭ ᠲᠠᠢ ᠶᠤᠮ᠃

6-1.png

   

    ᠬᠢᠨᠠᠨ ᠪᠠᠶᠢᠴᠠᠭᠠᠯᠲᠠ ᠪᠠ ᠰᠤᠷᠤᠯᠴᠠᠯᠭ᠎ᠠ ᠪᠠᠷ ᠳᠡᠮᠵᠢᠨ᠂ ᠡᠴᠦᠰ ᠲᠡᠭᠡᠨ ᠠᠷᠠᠰᠤᠨ ᠵᠢᠷᠤᠭ ᠤᠨ ᠭᠠᠷ ᠤᠷᠠᠯᠠᠯ ᠤᠨ ᠪᠦᠲᠦᠭᠡᠭᠳᠡᠬᠦᠨ ᠢ ᠳᠠᠭᠤᠷ

ᠦᠨᠳᠦᠰᠦᠲᠡᠨ ᠤ ᠰᠢᠶᠠᠩ ᠤᠨ ᠥᠪᠡᠷᠮᠢᠴᠡ ᠣᠨᠴᠠᠯᠢᠭ ᠲᠠᠢ ᠭᠠᠷ ᠤᠷᠠᠯᠠᠯ ᠤᠨ ᠪᠦᠲᠦᠭᠡᠭᠳᠡᠬᠦᠨ ᠪᠣᠯᠭᠠᠵᠤ᠂ ᠤᠯᠠᠨ ᠲᠠᠯ᠎ᠠ ᠶᠢᠨ ᠣᠯᠣᠯᠴᠠᠭ᠎ᠠ ᠵᠣᠬᠢᠴᠠᠭᠤᠯᠭ᠎ᠠ ᠪᠠᠷ

ᠲᠠᠮᠵᠢᠨ᠂ ᠤᠷᠢᠳ ᠬᠤᠵᠢᠳ ᠬᠥᠯᠥᠨ ᠪᠤᠶᠢᠷ ᠤᠨ ᠤᠷᠠᠨ ᠵᠢᠷᠤᠭ ᠤᠨ ᠳᠡᠭᠡᠳᠦ ᠰᠤᠷᠭᠠᠭᠤᠯᠢ᠂ ᠬᠥᠯᠥᠨ ᠪᠤᠶᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ

ᠪᠣᠯᠣᠨ ᠪᠤᠰᠤᠳ ᠭᠠᠷ ᠤᠷᠠᠯᠠᠯ ᠤᠨ ᠦᠢᠯᠡᠳᠬᠡᠯ ᠳᠤ ᠪᠠᠭ᠋ᠠᠲᠠᠢ ᠬᠥᠮᠥᠰ ᠲᠠᠢ ᠣᠯᠣᠯᠴᠠᠭ᠎ᠠ ᠰᠣᠯᠢᠯᠴᠠᠭ᠎ᠠ ᠬᠢᠭᠰᠡᠨ ᠪᠥᠭᠡᠳ ︽9 · 3   ᠤ ᠡᠷᠳᠡᠮ ᠰᠢᠨᠵᠢᠯᠡᠭᠡᠨ ᠤ

ᠨᠡᠶᠢᠭᠡᠮᠯᠢᠭ ᠤᠨ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠳᠦᠯᠭᠡ ᠶᠢᠨ ᠰᠠᠭᠤᠷᠢᠨ ᠭᠠᠵᠠᠷ︾

᠂ ︽ᠬᠥᠯᠥᠨ ᠪᠤᠶᠢᠷ ᠤᠨ ᠳᠡᠭᠡᠳᠦ ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ

ᠦᠢᠯᠡᠳᠦᠯᠭᠡ ᠶᠢᠨ ᠰᠠᠭᠤᠷᠢᠨ ᠭᠠᠵᠠᠷ︾᠂ ︽ᠨᠡᠷᠡᠳᠦ ᠬᠥᠮᠥᠰ ᠤᠨ ᠠᠵᠢᠯᠯᠠᠬᠤ ᠦᠷᠦᠭᠡ︾ ᠵᠡᠷᠭᠡ ᠶᠢ ᠪᠠᠶᠢᠭᠤᠯᠪᠠ᠃

6-2.png

   

    ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠶᠠᠪᠤᠴᠠ ᠨᠢ ᠶᠡᠷᠦ ᠳᠡᠭᠡᠨ ᠵᠢᠷᠤᠵᠤ ᠲᠥᠯᠥᠪᠯᠡᠬᠦ᠂ ᠬᠡᠷᠴᠢᠬᠦ᠂ ᠵᠢᠷᠤᠬᠤ᠂

ᠪᠤᠳᠤᠭ ᠣᠷᠣᠭᠤᠯᠬᠤ ᠵᠡᠷᠭᠡ ᠣᠯᠠᠨ ᠠᠵᠢᠯ ᠤᠨ ᠳᠠᠷᠠᠭᠠᠯᠠᠯ ᠪᠠ ᠨᠠᠷᠢᠨ ᠨᠢᠭᠲᠠ ᠵᠠᠰᠠᠯ ᠴᠢᠮᠡᠭᠯᠡᠯ ᠢ ᠬᠡᠷᠡᠭᠰᠡᠵᠦ᠂ ᠭᠠᠷ ᠤᠷᠠᠯᠠᠯ ᠳᠤ ᠨᠡᠪᠲᠡᠷᠡᠭᠰᠡᠨ ᠪᠠ ᠡᠯᠪᠡᠭ

ᠲᠤᠷᠰᠢᠯᠭ᠎ᠠ ᠲᠠᠢ ᠪᠠᠶᠢᠬᠤ ᠶᠢ ᠱᠠᠭᠠᠷᠳᠠᠵᠤ᠂ ᠦᠢᠯᠡᠳᠦᠭᠴᠢ ᠶᠢᠨ ᠮᠡᠷᠭᠡᠵᠢᠯ ᠤᠨ ᠬᠢᠷᠢ ᠬᠡᠮᠵᠢᠶ᠎ᠡ ᠨᠢ ᠪᠦᠲᠦᠭᠡᠭᠳᠡᠬᠦᠨ ᠤ ᠶᠠᠰᠤ ᠴᠢᠨᠠᠷ ᠪᠠ ᠨᠠᠶᠢᠳᠠᠪᠤᠷᠢᠲᠤ ᠴᠢᠨᠠᠷ ᠢ

ᠰᠢᠭᠤᠳ ᠲᠣᠭᠲᠠᠭᠠᠳᠠᠭ᠃ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠶᠠᠪᠤᠴᠠ ᠨᠢ ᠪᠦᠲᠦᠭᠡᠭᠳᠡᠬᠦᠨ ᠤ ᠶᠠᠰᠤ ᠴᠢᠨᠠᠷ ᠪᠠ

ᠨᠠᠶᠢᠳᠠᠪᠤᠷᠢᠲᠤ ᠴᠢᠨᠠᠷ ᠢ ᠰᠢᠭᠤᠳ ᠲᠣᠭᠲᠠᠭᠠᠳᠠᠭ᠃ ᠣᠯᠠᠨ ᠤᠳᠠᠭᠠᠨ ᠤ ᠪᠣᠯᠪᠠᠰᠤᠷᠠᠯ᠂ ᠰᠤᠷᠤᠯᠴᠠᠯᠭ᠎ᠠ ᠪᠠᠷ ᠳᠡᠮᠵᠢᠨ᠂ ᠡᠯ᠎ᠡ ᠦᠨᠳᠦᠰᠦᠲᠡᠨ ᠤ ᠭᠠᠷ ᠤᠷᠠᠯᠠᠯ ᠤᠨ

ᠠᠵᠢᠯᠲᠠᠨ 11 ᠬᠥᠮᠥᠨ  ᠢ ᠬᠥᠮᠥᠵᠢᠭᠦᠯᠵᠦ᠂ ᠺᠠᠷᠲ᠂ ᠡᠭᠦᠷᠬᠦ ᠪᠣᠭᠴᠣ᠂ ᠲᠡᠮᠳᠡᠭᠯᠡᠯ ᠤᠨ ᠳᠡᠪᠲᠡᠷ᠂ ᠴᠢᠮᠡᠭᠯᠡᠯ ᠤᠨ ᠵᠢᠷᠤᠭ ᠵᠡᠷᠭᠡ ᠣᠯᠠᠨ ᠲᠥᠷᠥᠯ ᠤᠨ

ᠪᠦᠲᠦᠭᠡᠭᠳᠡᠬᠦᠨ  ᠢ ᠵᠢᠷᠤᠵᠤ ᠲᠥᠯᠥᠪᠯᠡᠨ᠂ ᠬᠡᠷᠡᠭᠯᠡᠭᠴᠢᠳ ᠤᠨ ᠲᠠᠭᠠᠰᠢᠶᠠᠯ  ᠢ ᠣᠯᠣᠭᠰᠠᠨ ᠪᠠᠶᠢᠨ᠎ᠠ᠃ ᠠᠷᠠᠳ ᠤᠨ ᠵᠠᠩ ᠦᠢᠯᠡ ᠶᠢᠨ ᠰᠣᠶᠣᠯ ᠨᠢ ᠴᠠᠭ

ᠬᠤᠭᠤᠴᠠᠭᠠᠨ ᠤ ᠬᠥᠭᠵᠢᠯᠲᠡ ᠶᠢ ᠳᠠᠭᠠᠯᠳᠤᠨ ᠤᠯᠠᠮ ᠠᠴᠠ ᠤᠯᠠᠮ ᠤᠯᠠᠨ ᠲᠦᠮᠡᠨ ᠤ ᠠᠮᠢᠳᠤᠷᠠᠯ ᠳᠤ ᠣᠶᠢᠷᠠᠲᠤᠵᠤ ᠪᠠᠶᠢᠨ᠎ᠠ᠂ ᠡᠨᠡ ᠨᠢ ᠤᠯᠠᠮᠵᠢᠯᠠᠯᠲᠤ

ᠰᠣᠶᠣᠯ ᠤᠨ ᠤᠯᠠᠮᠵᠢᠯᠠᠯ ᠪᠣᠯᠬᠤ ᠮᠥᠷᠲᠡᠭᠡᠨ ᠪᠠᠰᠠ ᠰᠣᠶᠣᠯ ᠤᠨ ᠰᠢᠨ᠎ᠡ ᠡᠭᠦᠳᠦᠯᠲᠡ ᠶᠢᠨ ᠢᠯᠡᠷᠡᠯ ᠪᠣᠯᠣᠨ᠎ᠠ᠂ ᠦᠨᠳᠦᠰᠦᠲᠡᠨ ᠤ ᠭᠠᠷ ᠤᠷᠠᠯᠠᠯ ᠤᠨ

ᠪᠦᠲᠦᠭᠡᠭᠳᠡᠬᠦᠨ ᠨᠢ ︽ᠤᠯᠠᠨ ᠲᠦᠮᠡᠨ ᠲᠠᠢ ᠣᠶᠢᠷᠠᠲᠤᠬᠤ︾ ᠬᠡᠯᠪᠡᠷᠢ ᠪᠠᠷ ᠤᠯᠠᠨ ᠲᠦᠮᠡᠨ ᠤ ᠬᠠᠷᠠᠭᠠᠨ ᠳᠤ ᠣᠷᠣᠵᠤ ᠪᠠᠶᠢᠨ᠎ᠠ᠃

 

ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ