1 ᠠᠴᠠ 4  ᠳ᠋ᠦ᠋ᠭᠡᠷ ᠰᠠᠷ᠎ᠠ ᠳᠤ ᠵᠠᠯᠠᠨ ᠠᠶᠢᠯ ᠬᠤᠲᠠ  ᠶᠢᠨ ᠠᠵᠤ ᠠᠬᠤᠢ ᠲᠣᠭᠲᠠᠭᠤᠨ ᠢᠶᠠᠷ ᠠᠵᠢᠯᠯᠠᠵᠤ ᠪᠠᠶᠢᠨ᠎ᠠ
ᠨᠡᠶᠢᠲᠡᠯᠡᠭᠰᠡᠨ ᠴᠠᠭ᠄
2025/5/26
    ᠡᠨᠡ ᠵᠢᠯ ᠠᠴᠠ ᠨᠠᠰᠢ᠂ ᠪᠦᠬᠦ ᠬᠤᠲᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ  ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾  ᠢ ᠬᠦᠴᠦᠯᠡᠨ ᠬᠡᠷᠡᠭᠵᠢᠭᠦᠯᠵ᠊ ᠤ᠂ ︽ᠵᠢᠷᠭᠤᠭᠠᠨ ᠠᠵᠢᠯᠯᠠᠭ᠎ᠠ︾ ᠶᠢ ᠪᠣᠳᠠᠲᠠᠢ ᠠᠴᠠ ᠪᠣᠳᠠᠲᠠᠢ ᠠᠳᠬᠤᠵᠤ ᠂ ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ ᠤᠨ ᠦᠷ᠎ᠡ ᠪᠦᠲᠦᠭᠡᠯ ᠢ ᠬᠤᠪᠢᠷᠠᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ︽ᠵᠢᠷᠭᠤᠭᠠᠨ ᠲᠦᠷᠦᠭᠦᠨ ᠳᠤ ᠶᠠᠪᠤᠬᠤ︾ ᠶᠢ ᠬᠦᠴᠦᠯᠡᠨ ᠪᠡᠶᠡᠯᠡᠭᠦᠯᠵᠦ᠂ 1 ᠠᠴᠠ 4 ᠰᠠᠷ᠎ᠠ ᠳᠤ ᠪᠦᠬᠦ ᠬᠤᠳᠠ ᠶᠢᠨ ᠠᠵᠤ ᠠᠬᠤᠢ ᠶᠢᠨ ᠲᠣᠭᠲᠠᠭᠤᠨ ᠢᠶᠠᠷ ᠠᠵᠢᠯᠯᠠᠬᠤ ᠪᠠᠶᠢᠳᠠᠯ ᠢ ᠪᠠᠲᠤᠯᠠᠪᠠ᠃    ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠪᠡ᠃ 1 ᠠᠴᠠ4 ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8.3% ᠪᠠᠷ ᠨᠡᠮᠡᠭᠳᠡᠪᠡ᠃ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠠᠴᠠ ᠦᠵᠡᠪᠡᠯ᠂ ᠠᠮᠲᠠᠨ ᠤᠭᠢ ᠶᠢᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 3.3% ᠨᠡᠮᠡᠭᠳᠡᠪᠡ︔ ᠴᠠᠶᠢᠷ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 15.6% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.1 ᠵᠠᠭᠤᠨ ᠤ ᠨᠢᠭᠡᠴᠢ ᠪᠠᠭᠠᠰᠴᠤ᠂ ᠲᠤᠭᠤᠯᠭ᠎ᠠ ᠶᠢᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 38.3% ᠪᠠᠷ ᠨᠡᠮᠡᠭᠳᠡᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 58.3 ᠵᠠᠭᠤᠨ ᠤ ᠨᠢᠭᠡᠴᠢ ᠳᠡᠭᠡᠭᠰᠢᠯᠡᠵᠡᠢ᠃    ᠬᠤᠶᠠᠷ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠦᠷᠭᠦᠯᠵᠢᠯᠡᠨ ᠪᠠᠳᠠᠷᠠᠭᠤᠯᠪᠠ᠃ 1 ᠠᠴᠠ4 ᠰᠠᠷ᠎ᠠ ᠳᠤ᠂ ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 11.43 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.9% ᠪᠠᠷ ᠨᠡᠮᠡᠭᠳᠡᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 4.5 ᠵᠠᠭᠤᠨ ᠤ ᠨᠢᠭᠡᠴᠢ ᠳᠡᠭᠡᠭᠰᠢᠯᠡᠵᠡᠢ᠃ ᠦᠨᠳᠦᠰᠦᠨ ᠠᠮᠢᠳᠤᠷᠠᠯ ᠤᠨ ᠲᠦᠷᠦᠯ ᠤᠨ ᠲᠠᠸᠠᠷ ᠤᠨ ᠪᠣᠷᠤᠯᠠᠭᠤᠯᠭ᠎ᠠ ᠶᠢ ᠲᠦᠷᠭᠡᠪᠴᠢᠯᠡᠨ ᠨᠡᠮᠡᠭᠳᠡᠭᠦᠯᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠮᠤ ᠲᠣᠰᠣ᠂ ᠢᠳᠡᠭᠡᠨ ᠤ ᠵᠦᠢᠯ᠂ ᠤᠮᠳᠠᠭᠠᠨ ᠤ ᠵᠦᠢᠯ᠂ ᠠᠷᠢᠬᠢ ᠲᠠᠮᠠᠬᠢᠨ ᠤ ᠲᠦᠷᠦᠯ ᠤᠨ ᠲᠠᠸᠠᠷ ᠤᠨ ᠵᠢᠵᠢᠭᠯᠡᠨ ᠬᠤᠳᠠᠯᠳᠤᠬᠤ ᠬᠡᠮᠵᠢᠶ᠎ᠡ ᠶᠢ ᠲᠤᠰ ᠲᠤᠰ 66.7 %᠂ 66.6%᠂ 59.4% ᠪᠠᠷ  ᠨᠡᠮᠡᠭᠳᠡᠪᠡ᠃ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠦᠷᠭᠦᠯᠵᠢᠯᠡᠨ ᠢᠯᠡᠳᠲᠡ ᠦᠷ᠎ᠡ ᠪᠦᠲᠦᠮᠵᠢ ᠣᠯᠵᠤ᠂ ᠬᠢᠵᠠᠭᠠᠷᠯᠠᠭᠰᠠᠨ ᠲᠤᠭ᠎ᠠ  ᠠᠴᠠ ᠳᠡᠭᠡᠭᠰᠢᠬᠢ ᠭᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 69.1% ᠪᠠᠷ ᠨᠡᠮᠡᠭᠳᠡᠪᠡ᠃    ᠭᠤᠷᠪᠠ᠂ ᠪᠡᠯᠡ ᠣᠷᠣᠭᠤᠯᠤᠯᠲᠠ ᠲᠦᠷᠭᠡᠨ ᠢᠶᠠᠷ ᠨᠡᠮᠡᠭᠳᠡᠪᠡ᠃ 1 ᠠᠴᠠ4 ᠰᠠᠷ᠎ᠠ ᠳᠤ᠂ ᠪᠥᠬᠦ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠦᠭᠡᠢ︶ ᠠᠳᠠᠯᠢ ᠬᠤᠭᠤᠴᠠᠭᠠᠨ ᠤ ᠬᠢ ᠠᠴᠠ 76.1% ᠪᠠᠷ ᠨᠡᠮᠡᠭᠳᠡᠪᠡ᠃ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠴᠡ ᠠᠴᠠ ᠦᠵᠡᠪᠡᠯ᠂ 5000 ᠲᠦᠮᠡ ᠠᠴᠠ ᠳᠡᠭᠡᠭᠰᠢᠬᠢ ᠲᠥᠷᠥᠯ ᠵᠦᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 80.6% ᠨᠡᠮᠡᠭᠳᠡᠪᠡ︔ 5000 ᠲᠦᠮᠡ ᠠᠴᠠ ᠳᠣᠷᠣᠭᠰᠢᠬᠢ ᠲᠦᠷᠦᠯ ᠵᠦᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 10.1%  ᠪᠠᠷ ᠪᠠᠭᠤᠷᠠᠪᠠ᠃    ᠶᠡᠷᠦᠩᠬᠡᠢ ᠳᠤᠨᠢ ᠠᠪᠴᠤ ᠦᠵᠡᠪᠡᠯ᠂ ᠡᠯ᠎ᠡ ᠵᠦᠢᠯ ᠤᠨ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠮᠵᠢᠯᠴᠠᠨ ᠬᠦᠴᠦᠯᠡᠬᠦ ᠶᠢ ᠳᠠᠭᠠᠯᠳᠤᠨ᠂ ᠪᠥᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠳᠤ ᠢᠳᠡᠪᠬᠢᠲᠡᠢ ᠬᠤᠪᠢᠷᠠᠯᠲᠠ ᠭᠠᠷᠴᠠᠢ᠃ ᠲᠠᠷᠠᠭᠠᠴᠢ ᠶᠢᠨ ᠱᠠᠲᠤᠨ ᠳᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠲᠣᠭᠲᠠᠭᠠᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠬᠥᠪᠴᠢᠯᠡᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠠᠵᠤ ᠠᠬᠤᠢ ᠶᠢᠨ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠶᠢ ᠲᠠᠰᠤᠷᠠᠯᠳᠠ ᠦᠭᠡᠢ ᠪᠠᠬᠢᠵᠢᠭᠦᠯᠦᠨ ᠴᠢᠩᠭᠠᠳᠬᠠᠬᠤ ᠬᠡᠷᠡᠭᠲᠡᠢ᠃ 
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ