ᠬᠤᠲᠠ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ ᠨᠤᠷᠠᠬᠤ ᠠᠶᠤᠯᠲᠠᠢ ᠬᠠᠭᠤᠴᠢᠨ | ᠬᠥᠭᠦᠷᠭᠡ ᠶᠢ ᠥᠭᠡᠷᠡᠴᠢᠯᠡᠬᠦ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ᠂ ᠠᠶᠤᠯᠭᠦᠢ ᠦᠢᠯᠡᠳᠪᠦᠷᠢᠯᠡᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ | ᠳᠦᠷᠢᠮ ᠢ ᠲᠡᠭᠦᠯᠳᠡᠷᠵᠢᠭᠦᠯᠬᠦ᠂ ᠲᠥᠰᠥᠯ ᠢ ᠨᠠᠷᠢᠯᠢᠭᠵᠢᠭᠤᠯᠬᠤ᠂ ᠬᠢᠨᠠᠯᠲᠠ ᠬᠠᠮᠢᠶᠠᠷᠤᠯᠲᠠ ᠶᠢ ᠬᠤᠯᠪᠣᠯᠳᠤᠭᠤᠯᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ︽ᠪᠥᠬᠦ ᠬᠡᠯᠬᠢᠶ᠎ᠡ︾ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮᠵᠢ ᠶᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠨᠤᠷᠠᠬᠤ ᠠᠶᠤᠯᠲᠠᠢ | ᠬᠠᠭᠤᠴᠢᠨ ᠬᠥᠭᠦᠷᠭᠡ ᠶᠢ ᠥᠭᠡᠷᠡᠴᠢᠯᠡᠬᠦ ᠢᠨᠵᠧᠨᠧᠷᠢᠩ ᠤᠨ ᠴᠢᠨᠠᠷ ᠰᠠᠶᠢᠲᠠᠢ ᠪᠦᠲᠦᠭᠡᠨ ᠪᠠᠶᠢᠭᠤᠯᠤᠯᠲᠠ ᠶᠢ ᠬᠠᠮᠠᠭᠠᠯᠠᠨ᠎ᠠ᠃ | ᠳᠦᠷᠢᠮ ᠢ ᠤᠷᠢᠳᠠᠪᠠᠷ ᠬᠡᠷᠡᠭᠵᠢᠭᠦᠯᠵᠦ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠬᠢᠵᠢᠭᠦᠯᠦᠨ᠎ᠡ | ᠲᠥᠷᠥᠯ ᠵᠦᠢᠯ ᠢ ᠡᠬᠢᠯᠡᠭᠦᠯᠦᠭᠰᠡᠨ ᠠᠴᠠ ᠨᠠᠰᠢ᠂ ᠬᠤᠲᠠ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ | ᠠᠯᠪᠠᠨ ᠭᠡᠷ ᠠᠶᠤᠯᠭᠦᠢ ᠦᠢᠯᠡᠳᠪᠦᠷᠢᠯᠡᠯ ᠤᠨ ︽ᠭᠤᠷᠪᠠ ᠶᠢ ᠪᠣᠳᠠᠲᠠᠶᠢᠵᠢᠭᠤᠯᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠪᠠ᠄ ᠨᠢᠭᠡ ᠳᠤ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠬᠠᠮᠢᠶᠠᠷᠬᠤ ᠭᠤᠷᠪᠠᠨ ᠲᠠᠯ᠎ᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠢ | ᠲᠣᠭᠲᠠᠭᠠᠪᠠ︔ ᠬᠤᠶᠠᠷ ᠲᠤ ᠳᠦᠷᠢᠮ ᠤᠨ ᠪᠦᠷᠬᠦᠴᠡ ᠶᠢ ᠪᠣᠳᠠᠲᠠᠶᠢᠵᠢᠭᠤᠯᠵᠤ᠂ ᠬᠥᠭᠦᠷᠭᠡ ᠶᠢᠨ ᠪᠠᠷᠢᠯᠭ᠎ᠠ ᠶᠢᠨ ᠣᠨᠴᠠᠯᠢᠭ ᠲᠤ ᠴᠢᠭᠯᠡᠭᠦᠯᠦᠨ᠂ ︽ᠪᠠᠷᠢᠯᠭ᠎ᠠ ᠶᠢᠨ | ᠲᠤᠬᠠᠢ ᠶᠢᠨ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ︾ ︽ᠣᠨᠴᠠ ᠲᠥᠷᠥᠯ ᠤᠨ ᠠᠵᠢᠯ ᠤᠨ ᠠᠵᠢᠯᠯᠠᠬᠤ ᠳᠦᠷᠢᠮ︾ ᠵᠡᠷᠭᠡ ᠳᠦᠷᠢᠮ ᠢ | ᠪᠦᠷᠢᠨᠰᠢᠭᠦᠯᠵᠦ᠂ ᠠᠵᠢᠯ ᠤᠨ ᠳᠠᠷᠠᠭᠠᠯᠠᠯ ᠨᠢᠭᠡᠪᠦᠷᠢ ᠳᠤ ᠵᠢᠷᠤᠮᠯᠠᠬᠤ ᠳᠦᠷᠢᠮ ᠲᠠᠢ ᠪᠠᠶᠢᠬᠤ ᠶᠢ ᠪᠠᠲᠤᠯᠠᠨ᠎ᠠ︔ ᠭᠤᠷᠪᠠ ᠳᠤ ᠬᠥᠮᠦᠵᠢᠯ ᠪᠣᠯᠪᠠᠰᠤᠷᠠᠭᠤᠯᠤᠯ ᠢ | ᠪᠣᠳᠠᠲᠠᠶᠢᠵᠢᠭᠤᠯᠵᠤ᠂ ᠪᠥᠬᠦ ᠠᠵᠢᠯᠲᠠᠨ ᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠠᠮᠤᠷ ᠲᠦᠪᠰᠢᠨ ᠤ ᠪᠣᠯᠪᠠᠰᠤᠷᠠᠭᠤᠯᠤᠯ ᠢ ᠥᠷᠨᠢᠭᠦᠯᠦᠨ᠂ ᠠᠮᠤᠷ | ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ | ᠲᠥᠰᠥᠯ ᠢ ᠨᠠᠷᠢᠯᠢᠭᠵᠢᠭᠤᠯᠵᠤ᠂ ᠪᠠᠷᠢᠯᠭ᠎ᠠ ᠶᠢᠨ ᠠᠵᠢᠯ ᠤᠨ ᠵᠠᠩᠭᠢᠯᠠᠭ᠎ᠠ ᠶᠢᠨ ᠠᠶᠤᠯ ᠲᠦᠭᠰᠢᠭᠦᠷᠢ ᠶᠢ ᠴᠢᠩᠭ᠎ᠠ ᠡᠵᠡᠮᠰᠢᠨ᠎ᠡ | ᠨᠢᠷᠤᠭᠤᠪᠴᠢ ᠬᠠᠪᠲᠠᠰᠤ ᠶᠢ ᠳᠡᠭᠦᠵᠢᠯᠡᠨ ᠤᠭᠰᠠᠷᠠᠬᠤ᠂ ᠥᠨᠳᠥᠷ ᠳᠡᠭᠡᠷ᠎ᠡ ᠠᠵᠢᠯᠯᠠᠬᠤ᠂ ᠲᠦᠷ ᠴᠠᠭ ᠴᠠᠬᠢᠯᠭᠠᠨ ᠬᠡᠷᠡᠭᠯᠡᠬᠦ ᠵᠡᠷᠭᠡ ᠠᠶᠤᠯ ᠶᠡᠬᠡᠲᠡᠢ | ᠭᠤᠭᠴᠤᠭ᠎ᠠ ᠳᠤ ᠴᠢᠭᠯᠡᠭᠦᠯᠦᠨ᠂ ᠲᠥᠷᠥᠯ ᠵᠦᠢᠯ ᠤᠨ ᠳᠤᠭᠤᠶᠢᠯᠠᠩ ᠨᠢ ᠲᠤᠰᠬᠠᠢ ᠵᠦᠢᠯ ᠤᠨ ᠪᠠᠷᠢᠯᠭ᠎ᠠ ᠶᠢᠨ ᠲᠥᠰᠥᠯ ᠢ ᠨᠠᠶᠢᠷᠠᠭᠤᠯᠤᠨ ᠵᠣᠬᠢᠶᠠᠵᠤ᠂ ᠲᠤᠰᠬᠠᠢ | ᠮᠡᠷᠭᠡᠵᠢᠯᠲᠡᠳ ᠢ ᠵᠣᠬᠢᠶᠠᠨ ᠪᠠᠶᠢᠭᠤᠯᠤᠨ ᠮᠡᠷᠭᠡᠵᠢᠯ ᠤᠨ ᠠᠷᠭ᠎ᠠ ᠬᠡᠮᠵᠢᠶ᠎ᠡ ᠶᠢ ᠨᠤᠲᠠᠯᠠᠭᠤᠯᠬᠤ ᠶᠢᠨ ᠬᠠᠮᠲᠤ ᠬᠥᠳᠡᠯᠦᠩᠭᠦᠢ ᠪᠠᠷ ᠰᠢᠯᠢᠳᠡᠭᠵᠢᠭᠦᠯᠦᠨ᠎ᠡ᠃ ᠵᠢᠱᠢᠶᠡᠯᠡᠪᠡᠯ᠂ | ᠨᠢᠷᠤᠭᠤᠪᠴᠢ ᠬᠠᠪᠲᠠᠰᠤ ᠶᠢ ᠳᠡᠭᠦᠵᠢᠯᠡᠨ ᠤᠭᠰᠠᠷᠠᠬᠤ ᠠᠴᠠ ᠡᠮᠦᠨ᠎ᠡ ᠳᠡᠭᠦᠵᠢᠯᠡᠨ ᠤᠭᠰᠠᠷᠠᠬᠤ ᠲᠥᠬᠦᠭᠡᠷᠦᠮᠵᠢ ᠶᠢᠨ ᠬᠢᠷᠢ ᠬᠡᠮ ᠢ ᠴᠢᠩᠭ᠎ᠠ ᠰᠢᠯᠭᠠᠨ ᠬᠤᠷᠢᠶᠠᠵᠤ᠂ | ᠰᠡᠷᠭᠡᠶᠢᠯᠡᠯᠲᠡ ᠶᠢᠨ ᠣᠷᠣᠨ ᠢ ᠵᠠᠭᠠᠭᠯᠠᠨ ᠲᠣᠭᠲᠠᠭᠠᠬᠤ ᠶᠢᠨ ᠬᠠᠮᠲᠤ ᠪᠥᠬᠦ ᠶᠠᠪᠤᠴᠠ ᠶᠢᠨ ᠬᠠᠵᠠᠭᠤ ᠶᠢᠨ ᠥᠷᠲᠡᠭᠡ ᠳᠤ ᠬᠢᠨᠠᠯᠲᠠ ᠲᠠᠯᠪᠢᠬᠤ ᠶᠢ ᠬᠡᠷᠡᠭᠵᠢᠭᠦᠯᠦᠨ᠎ᠡ︔ | ᠥᠨᠳᠥᠷ ᠳᠡᠭᠡᠷ᠎ᠡ ᠠᠵᠢᠯᠯᠠᠬᠤ ᠳᠤ ᠪᠠᠷᠢᠮᠵᠢᠶᠠᠵᠢᠭᠤᠯᠤᠭᠰᠠᠨ ᠬᠠᠮᠠᠭᠠᠯᠠᠯᠲᠠ ᠶᠢᠨ ᠲᠣᠣᠷ᠂ ᠠᠮᠤᠷ ᠲᠦᠪᠰᠢᠨ ᠤ ᠪᠦᠰᠡ ᠶᠢᠨ ︽ᠬᠤᠣᠰ ᠳᠠᠭᠠᠳᠬᠠᠯ︾ ᠢ ᠬᠡᠷᠡᠭᠯᠡᠨ᠂ | ᠲᠤᠰᠬᠠᠢ ᠲᠤᠰᠢᠶᠠᠯᠲᠤ ᠠᠮᠤᠷ ᠲᠦᠪᠰᠢᠨ ᠤ ᠠᠵᠢᠯᠲᠠᠨ ᠢ ᠵᠡᠷᠭᠡ ᠳᠤᠨᠢ ᠲᠣᠬᠢᠷᠠᠭᠤᠯᠤᠨ ᠲᠣᠭᠤᠷᠢᠨ ᠪᠠᠶᠢᠴᠠᠭᠠᠵᠤ ᠵᠥᠷᠢᠴᠡᠭᠰᠡᠨ ᠢ ᠵᠠᠯᠠᠷᠠᠭᠤᠯᠵᠤ᠂ ᠠᠳᠡᠯ ᠤᠨ | ᠲᠦᠭᠰᠢᠭᠦᠷᠢ ᠶᠢ ᠡᠬᠢ ᠡᠭᠦᠰᠦᠯ ᠠᠴᠠ ᠨᠢ ᠪᠠᠭᠤᠷᠠᠭᠤᠯᠬᠤ ᠬᠡᠷᠡᠭᠲᠡᠢ᠃ | ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠵᠦ᠂ ᠪᠥᠬᠦ ᠶᠠᠪᠤᠴᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ | ᠬᠢᠨᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠬᠤᠲᠠ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠠᠯᠪᠠᠨ ᠭᠡᠷ ᠠᠴᠠ ᠭᠠᠳᠠᠨᠠᠬᠢ ᠬᠢᠨᠠᠯᠲᠠ ᠲᠠᠯᠪᠢᠬᠤ ᠬᠦᠴᠦᠨ ᠢ ᠰᠠᠨᠠᠭᠠᠴᠢᠯᠠᠭ᠎ᠠ ᠠᠴᠠ ᠪᠠᠨ ᠣᠷᠣᠭᠤᠯᠤᠨ ᠠᠪᠴᠢᠷᠠᠵᠤ᠂ ᠬᠤᠲᠠ ᠶᠢᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠠᠮᠤᠷ ᠲᠦᠪᠰᠢᠨ ᠤ ᠬᠢᠨᠠᠯᠲᠠ ᠲᠠᠯᠪᠢᠬᠤ ᠲᠠᠰᠤᠭ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠲᠠᠢ ᠬᠤᠯᠪᠤᠭᠠᠯᠠᠨ ᠠᠶᠤᠯᠭᠦᠢ ᠦᠢᠯᠡᠳᠪᠦᠷᠢᠯᠡᠯ ᠤᠨ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠪᠠᠷᠢᠯᠭ᠎ᠠ ᠶᠢᠨ | ᠠᠵᠢᠯ ᠤᠨ ᠬᠤᠯᠢᠬᠤ ᠥᠷᠲᠡᠭᠡ᠂ ᠣᠨᠴᠠ ᠲᠥᠷᠥᠯ ᠤᠨ ᠮᠠᠰᠢᠨ ᠢᠶᠠᠷ ᠠᠵᠢᠯᠯᠠᠬᠤ᠂ ᠴᠠᠬᠤᠯᠠᠭᠤᠷ ᠲᠠᠯᠪᠢᠬᠤ᠂ ᠲᠥᠷ ᠴᠠᠭ ᠴᠠᠬᠢᠯᠭᠠᠨ ᠬᠡᠷᠡᠭᠯᠡᠬᠦ ᠂ ᠭᠠᠯ | ᠤᠨᠲᠠᠷᠠᠭᠠᠬᠤ ᠪᠡᠯᠡᠳᠬᠡᠮᠵᠢ ᠶᠢᠨ ᠲᠣᠬᠢᠷᠠᠭᠤᠯᠤᠯᠲᠠ ᠵᠡᠷᠭᠡ ᠲᠠᠯᠳᠠ ᠭᠡᠮ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠬᠤ ᠬᠡᠷᠡᠭᠲᠡᠢ᠃ | ᠦᠷ᠎ᠡ ᠪᠦᠲᠦᠮᠵᠢ ᠪᠠ ᠪᠠᠷᠠᠭᠠᠯᠠᠯ | ᠣᠲᠣ ᠪᠣᠯᠲᠠᠯ᠎ᠠ᠂ ᠪᠠᠷᠢᠯᠭ᠎ᠠ ᠶᠢᠨ ᠠᠵᠢᠯ ᠤᠨ ᠠᠬᠢᠴᠠ ᠲᠣᠭᠲᠠᠭᠤᠨ ᠢᠶᠠᠷ ᠠᠬᠢᠵᠤ ᠪᠠᠶᠢᠨ᠎ᠠ᠃ ᠲᠥᠷᠥᠯ ᠵᠦᠢᠯ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠄ | ︽ᠠᠮᠤᠷ ᠲᠦᠪᠰᠢᠨ ᠪᠣᠯ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠮᠥᠨ᠂ ᠪᠢᠳᠡ ᠦᠷᠭᠦᠯᠵᠢᠯᠡᠨ ︿ᠴᠢᠩᠭ᠎ᠠ | ᠬᠠᠮᠢᠶᠠᠷᠬᠤ + ᠰᠤᠷᠭᠠᠨ ᠬᠥᠮᠦᠵᠢᠯ ᠢ ᠴᠢᠬᠤᠯᠠᠴᠢᠯᠠᠬᠤ﹀ ᠪᠠᠷ ᠭᠠᠷᠳᠠᠴᠠ ᠪᠣᠯᠭᠠᠵᠤ᠂ ᠢᠨᠵᠧᠨᠧᠷᠢᠩ ᠢ ᠴᠢᠨᠠᠷ ᠰᠠᠶᠢᠲᠠᠢ ᠪᠥᠭᠡᠳ ᠥᠨᠳᠥᠷ ᠪᠦᠲᠦᠮᠵᠢᠲᠡᠶ ᠪᠠᠷ | ᠲᠤᠰᠢᠶᠠᠵᠤ ᠥᠭᠬᠦ ᠶᠢ ᠦᠨᠡᠨ ᠬᠦ ᠪᠠᠲᠤᠯᠠᠵᠤ᠂ ᠵᠠᠯᠠᠨ ᠠᠶᠢᠯ ᠬᠤᠲᠠ ᠶᠢᠨ ᠬᠥᠭᠵᠢᠯᠲᠡ ᠳᠤ ᠠᠮᠤᠷ ᠲᠦᠪᠰᠢᠨ ᠪᠥᠭᠡᠳ ᠰᠠᠭᠠᠳ ᠦᠭᠡᠢ ᠵᠠᠮ ᠬᠠᠷᠢᠯᠴᠠᠭᠠᠨ ᠤ | ᠪᠠᠲᠤᠯᠠᠭ᠎ᠠ ᠬᠠᠩᠭᠠᠨ᠎ᠠ︾ ᠭᠡᠵᠡᠢ᠃ | | |