ᠬᠤᠳᠠ ᠶᠢᠨ ᠤᠯᠠᠭᠠᠨᠮᠥ᠋ᠴᠢᠷ ︽ᠥᠪᠥᠷ ᠮᠣᠩᠭᠤᠯ ᠳᠤ ᠳᠠᠭᠤᠯᠠᠨ ᠵᠤᠭᠠᠴᠠᠵᠤ᠂  ᠬᠠᠪᠣᠷ ᠤᠨ ᠣᠯᠠᠷᠢᠯ ᠳᠤ ᠬᠥᠯᠥᠨ ᠪᠤᠶᠢᠷ ᠲᠤ ᠲᠣᠭᠤᠷᠢᠨ᠂ ᠥᠩᠭᠡ ᠢᠯᠭᠠᠷᠠᠭᠰᠠᠨ ᠵᠠᠯᠠᠨ ᠢ ᠰᠣᠨᠢᠷᠬᠠᠨ ᠰᠣᠨᠢᠷᠬᠠᠶ᠎ᠠ︾ 2025 ᠣᠨ ᠤ ᠬᠤᠷᠴᠠ ᠤᠯᠠᠭᠠᠨ ᠴᠡᠴᠡᠭ ᠰᠣᠨᠢᠷᠬᠠᠬᠤ ᠤᠯᠠᠷᠢᠯ ᠤᠨ ᠤᠷᠠᠨ ᠰᠠᠶᠢᠬᠠᠨ ᠤ ᠲᠣᠭᠯᠠᠯᠲᠠ ᠥᠷᠨᠢᠭᠦᠯᠵᠡᠢ
ᠨᠡᠶᠢᠲᠡᠯᠡᠭᠰᠡᠨ ᠴᠠᠭ᠄
2025/5/7
    5 ᠳ᠋ᠤᠭᠠᠷ ᠰᠠᠷ᠎ᠠ ᠶᠢᠨ 3 ᠤ ᠡᠳᠦᠷ᠂ ︽ᠥᠪᠥᠷ ᠮᠣᠩᠭᠤᠯ ᠳᠤ ᠳᠠᠭᠤᠯᠠᠨ ᠵᠤᠭᠠᠴᠠᠵᠤ᠂   ᠬᠠᠪᠣᠷ ᠤᠨ ᠣᠯᠠᠷᠢᠯ ᠳᠤ ᠬᠥᠯᠥᠨ ᠪᠤᠶᠢᠷ ᠲᠤ ᠲᠣᠭᠤᠷᠢᠨ᠂ ᠥᠩᠭᠡ ᠢᠯᠭᠠᠷᠠᠭᠰᠠᠨ ᠵᠠᠯᠠᠨ ᠢ ᠰᠣᠨᠢᠷᠬᠠᠨ ᠰᠣᠨᠢᠷᠬᠠᠶ᠎ᠠ︾ 2025 ᠣᠨ ᠤ ᠬᠤᠷᠴᠠ ᠤᠯᠠᠭᠠᠨ ᠴᠡᠴᠡᠭ ᠰᠣᠨᠢᠷᠬᠠᠬᠤ ᠤᠯᠠᠷᠢᠯ ᠤᠨ ᠤᠷᠠᠨ ᠰᠠᠶᠢᠬᠠᠨ ᠤ ᠲᠣᠭᠯᠠᠯᠲᠠ ᠵᠠᠯᠠᠨ ᠠᠶᠢᠯ ᠬᠤᠲᠠ ᠶᠢᠨ ᠶᠢᠩ ᠱᠠᠨ ᠬᠤᠩ ᠰᠡᠯᠡᠭᠦᠴᠡᠯ ᠤᠨ ᠣᠷᠣᠨ ᠳᠤ ᠦᠪᠡᠳᠡᠭᠰᠢ ᠶᠡᠭᠡ ᠪᠠᠷ ᠶᠠᠪᠤᠭᠳᠠᠵᠤ᠂ ᠲᠤᠬᠠᠢ ᠶᠢᠨ ᠲᠠᠯᠠᠪᠤᠷ ᠲᠤ ᠵᠤᠭᠠᠴᠠᠭᠰᠠᠳ ᠬᠤᠷᠠᠨ ᠴᠤᠭᠯᠠᠷᠠᠵᠤ᠂ ᠬᠠᠪᠤᠷ ᠤᠨ ᠡᠳᠦᠷ ᠤᠨ ᠦᠪᠡᠳᠡᠭᠰᠢ ᠦᠵᠡᠮᠵᠢ ᠶᠢ ᠬᠠᠮᠲᠤ ᠪᠠᠷ ᠰᠣᠨᠢᠷᠬᠠᠪᠠ᠂ ᠡᠭᠦᠨ ᠳᠤ ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ ᠤᠨ ᠬᠢᠨ ᠭᠤᠶᠢᠳᠠ ᠰᠠᠶᠢᠬᠠᠨ ᠲᠣᠭᠯᠠᠯᠲᠠ ᠪᠠᠷ ᠢᠶᠠᠨ ᠰᠢᠨ᠎ᠡ  ᠤᠷᠠᠯᠢᠭ ᠤᠨ ᠬᠦᠴᠦᠨ ᠨᠡᠮᠡᠷᠢᠯᠡᠪᠡ᠃    ᠲᠤᠰ ᠤᠳᠠᠭ᠎ᠠ ᠶᠢᠨ ᠤᠷᠠᠨ ᠰᠠᠶᠢᠬᠠᠨ ᠤ ᠲᠣᠭᠯᠠᠯᠲᠠ ᠳᠤ᠂ ᠵᠠᠯᠠᠨ ᠠᠶᠢᠯ ᠬᠤᠳᠠ ᠶᠢᠨ ᠤᠯᠠᠭᠠᠨᠮᠥ᠋ᠴᠢᠷ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠠᠭᠤᠤ ᠪᠥᠵᠢᠭ᠂ ᠬᠥᠭᠵᠢᠮ ᠤᠨ ᠲᠣᠭᠯᠠᠯᠲᠠ ᠡᠭᠡᠯᠵᠢᠯᠡᠨ ᠬᠦᠭᠵᠢᠮᠳᠡᠨ ᠲᠣᠭᠯᠠᠵᠣ᠂ ᠤᠯᠠᠨ ᠬᠡᠯᠪᠡᠷᠢ ᠶᠢᠨ ᠲᠣᠭᠯᠠᠯᠲᠠ ᠪᠠᠷ ᠲᠤᠰ ᠭᠠᠵᠠᠷ ᠤᠨ ᠦᠨᠳᠦᠰᠦᠲᠡᠨ ᠤ ᠠᠭᠤᠰᠤᠯᠴᠠᠯ ᠤᠨ ᠦᠷ᠎ᠡ ᠪᠦᠲᠦᠭᠡᠯ ᠪᠣᠯᠣᠨ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠷᠢᠳᠢ ᠰᠢᠳᠢ ᠶᠢ ᠭᠦᠨᠵᠡᠭᠡᠢ ᠤᠬᠠᠭᠤᠯᠪᠠ᠃    ︽ᠪᠣᠭᠤᠮᠲᠠ ᠶᠢᠨ ᠭᠠᠳᠠᠨᠠᠬᠢ ᠰᠦᠵᠧᠦ ᠬᠠᠩᠵᠧᠦ︾ ᠬᠡᠮᠡᠭᠳᠡᠭᠰᠡᠨ ᠵᠠᠯᠠᠨ ᠠᠶᠢᠯ ᠨᠢ ᠳᠥᠷᠪᠡᠨ ᠤᠯᠠᠷᠢᠯ ᠤᠨ ᠥᠩᠭᠡ ᠦᠵᠡᠮᠵᠢ ᠲᠠᠢ ᠪᠠᠶᠢᠵᠤ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢᠶᠠᠷ ᠣᠯᠠᠨ ᠠᠴᠠ ᠬᠡᠲᠦᠶᠢᠳᠦᠭᠰᠡᠨ ᠪᠠᠶᠢᠳᠠᠭ᠃ ᠣᠶᠢᠷ᠎ᠠ ᠶᠢᠨ ᠵᠢᠯ ᠠᠴᠠ᠂ ᠲᠤᠬᠠᠢ ᠶᠢᠨ ᠭᠠᠵᠠᠷ ᠤᠨ ᠬᠢᠨ ᠰᠣᠶᠣᠯ ᠵᠤᠭᠠᠴᠠᠯ ᠤᠨ ᠦᠢᠯᠡᠰ ᠤᠨ ᠭᠦᠨᠵᠡᠭᠡᠢ ᠠᠭᠤᠰᠤᠯᠴᠠᠯ ᠢ ᠦᠷᠭᠦᠯᠵᠢᠯᠡᠨ ᠠᠬᠢᠭᠤᠯᠵᠤ᠂ ᠤᠯᠠᠭᠠᠨᠮᠥ᠋ᠴᠢᠷ ᠴᠦ ᠡᠭᠦᠨ ᠳᠤ ᠢᠳᠡᠪᠬᠢᠲᠡᠢ ᠣᠷᠣᠯᠴᠠᠵᠤ᠂ ᠲᠤᠰ ᠤᠳᠠᠭ᠎ᠠ ᠶᠢᠨ ᠬᠤᠷᠴᠠ ᠤᠯᠠᠭᠠᠨ ᠴᠡᠴᠡᠭ ᠰᠣᠨᠢᠷᠬᠠᠬᠤ ᠤᠯᠠᠷᠢᠯ ᠤᠨ ᠤᠷᠠᠨ ᠰᠠᠶᠢᠬᠠᠨ ᠤ ᠲᠣᠭᠯᠠᠯᠲᠠ ᠳᠤ ᠭᠡᠷᠡᠯ ᠭᠢᠯᠪᠠᠭ᠎ᠠ ᠪᠠᠨ ᠰᠠᠴᠤᠷᠠᠭᠤᠯᠤᠭᠰᠠᠨ ᠢᠶᠠᠷ ᠪᠠᠷᠠᠬᠤ ᠦᠭᠡᠢ᠂ ᠡᠩ ᠤᠨ ᠴᠠᠭ ᠲᠤ ᠪᠠᠰᠠ ᠶᠢᠨ ᠯᠦᠩ ᠱᠠᠨ᠂ ᠣᠷᠴᠣᠨ ᠦᠨᠳᠦᠰᠦᠲᠡᠨ ᠤ  ᠮᠢᠨ ᠰᠦ᠋ ᠲᠣᠰᠬᠤᠨ᠂ ᠶᠠᠯᠦ ᠭᠤᠣᠯ ᠤᠨ ᠬᠦᠪᠡᠭᠡ ᠵᠡᠷᠭᠡ ᠦᠵᠡᠮᠵᠢ ᠶᠢᠨ ᠣᠷᠣᠨ ᠳᠤ ᠭᠦᠨᠵᠡᠭᠡᠶᠢᠷᠡᠨ ᠠᠷᠠᠳ ᠲᠤ ᠠᠰᠢᠭ ᠬᠦᠷᠲᠡᠭᠡᠬᠦ ᠲᠣᠭᠯᠠᠯᠲᠠ ᠥᠷᠨᠢᠭᠦᠯᠵᠦ᠂ ᠤᠷᠠᠨ ᠰᠠᠶᠢᠬᠠᠨ ᠤ ᠬᠡᠯᠪᠡᠷᠢ ᠪᠠᠷ ᠵᠠᠯᠠᠨ ᠠᠶᠢᠯ ᠤᠨ ᠷᠢᠳᠢ ᠰᠢᠳᠢ ᠶᠢ ᠭᠠᠶᠢᠬᠠᠭᠤᠯᠤᠭᠰᠠᠨ ᠪᠠᠶᠢᠨ᠎ᠠ᠃    ᠠᠵᠢᠯᠯᠠᠭ᠎ᠠ ᠶᠢᠨ ᠬᠤᠭᠤᠴᠠᠭᠠᠨ ᠳᠤ᠂ ᠬᠥᠲᠥᠯᠥᠭᠴᠢ ᠠᠴᠠ ᠶᠧ ᠵᠢᠶᠠᠨ ᠶᠢᠩ᠂ ᠶᠧ ᠱᠧᠩ ᠲᠤᠤ ᠵᠡᠷᠭᠡ ᠪᠢᠴᠢᠭ ᠤᠨ ᠬᠥᠮᠥᠰ ᠤᠨ ᠰᠢᠯᠦᠭ ᠳᠠᠭᠤᠯᠠᠯ ᠪᠠ ᠦᠵᠡᠮᠵᠢ ᠶᠢᠨ ᠣᠷᠣᠨ ᠤ ᠲᠠᠨᠢᠯᠴᠠᠭᠤᠯᠭ᠎ᠠ ᠶᠢ ᠤᠷᠠᠨ ᠢᠶᠠᠷ ᠬᠤᠯᠪᠣᠵᠤ᠂ ᠬᠤᠳᠠ ᠶᠢᠨ ᠭᠦᠨ ᠵᠤᠵᠠᠭᠠᠨ ᠰᠣᠶᠣᠯ ᠤᠨ ᠠᠭᠤᠯᠬᠤᠨ ᠢ ᠢᠯᠡᠷᠡᠭᠦᠯᠵᠦ᠂ ᠵᠤᠭᠠᠴᠠᠭᠰᠠᠳ ᠤᠨ ᠠᠩᠬᠠᠷᠤᠯ ᠢ ᠲᠠᠲᠠᠵᠤ᠂ ᠵᠠᠯᠠᠨ ᠲᠣᠰᠬᠤᠨ ᠤ ᠬᠠᠶᠢᠨ ᠰᠦᠪᠡᠭᠴᠢᠯᠡᠯᠲᠡ ᠶᠢᠨ ᠠᠶᠠᠯᠠᠯ ᠳᠤ ᠬᠦᠰᠡᠯ ᠡᠷᠡᠮᠡᠯᠵᠡᠯ ᠢᠶᠠᠷ ᠪᠢᠯᠬᠠᠮ᠎ᠠ ᠪᠠᠶᠢᠯ᠎ᠠ᠃    ᠬᠤᠷᠴᠠ ᠰᠠᠶᠢᠬᠠᠨ ᠴᠡᠴᠡᠭ ᠰᠣᠨᠢᠷᠬᠠᠬᠤ ᠤᠯᠠᠷᠢᠯ ᠤᠨ ᠤᠷᠠᠨ ᠰᠠᠶᠢᠬᠠᠨ ᠤ ᠲᠣᠭᠯᠠᠯᠲᠠ ᠨᠢ ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠬᠤᠭᠤᠴᠠᠭᠠᠨ ᠳᠤ ᠥᠨᠢᠷ ᠥᠳᠬᠡᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠨᠡᠮᠡᠷᠢᠯᠡᠭᠰᠡᠨ ᠢᠶᠠᠷ ᠪᠠᠷᠠᠬᠤ ᠦᠭᠡᠢ᠂ ᠨᠠᠩ ᠴᠤ ᠵᠠᠯᠠᠨ ᠠᠶᠢᠯ ᠤᠨ ᠬᠤᠲᠠ ᠶᠢᠨ ᠳᠦᠷᠢ ᠲᠥᠷᠬᠦ ᠶᠢ ᠳᠡᠯᠭᠡᠨ ᠦᠵᠡᠭᠦᠯᠬᠦ ᠬᠡᠷᠡᠯ ᠰᠠᠴᠤᠷᠠᠩᠭᠤᠢ ᠨᠡᠷ᠎ᠡ ᠶᠢᠨ ᠬᠠᠭᠤᠳᠠᠰᠤ ᠪᠣᠯᠤᠭᠰᠠᠨ ᠪᠠᠶᠢᠨ᠎ᠠ᠃ ᠵᠠᠯᠠᠨ ᠠᠶᠢᠯ ᠬᠤᠳᠠ ᠶᠢᠨ ᠤᠯᠠᠭᠠᠨᠮᠥ᠋ᠴᠢᠷ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠪᠠᠷ ᠢᠶᠠᠨ ᠰᠣᠶᠣᠯ ᠵᠤᠭᠠᠴᠠᠯ ᠤᠨ ᠠᠭᠤᠰᠤᠯᠴᠠᠯ ᠤᠨ ᠠᠭᠤᠯᠬᠤᠨ ᠢ ᠠᠮᠢᠳᠤᠯᠢᠭ ᠢᠶᠠᠷ ᠲᠠᠶᠢᠯᠪᠤᠷᠢᠯᠠᠪᠠ᠃ ᠢᠷᠡᠭᠡᠳᠦᠢ ᠳᠤ᠂ ᠵᠠᠯᠠᠨ ᠠᠶᠢᠯ ᠬᠤᠳᠠ ᠶᠢᠨ ᠬᠢᠨ ᠰᠣᠶᠣᠯ ᠤᠨ ᠵᠤᠭᠠᠴᠠᠯ ᠤᠨ ᠡᠬᠢ ᠪᠠᠶᠠᠯᠢᠭ ᠢ ᠦᠷᠭᠦᠯᠵᠢᠯᠡᠨ ᠭᠦᠨᠵᠡᠭᠡᠢ ᠬᠠᠭᠠᠯᠪᠤᠷᠢᠯᠠᠵᠤ᠂ ᠴᠡᠴᠡᠭ ᠢᠶᠠᠷ ᠵᠠᠭᠤᠴᠢᠯᠠᠭᠤᠷ ᠪᠣᠯᠭᠠᠵᠤ᠂ ᠳᠠᠭᠤᠤ ᠪᠠᠷ ᠨᠠᠶᠢᠵᠠ ᠨᠥᠬᠦᠳ ᠲᠠᠢ ᠪᠠᠨ ᠠᠭᠤᠯᠵᠠᠵᠤ᠂ ᠵᠠᠯᠠᠨ ᠠᠶᠢᠯ ᠬᠤᠳᠠ ᠶᠢᠨ ᠤᠯᠠᠭᠠᠨᠮᠥ᠋ᠴᠢᠷ ᠤᠨ ᠬᠢᠨ ᠴᠦ ᠰᠣᠶᠣᠯ ᠤᠨ ᠬᠥᠩᠭᠡᠨ ᠮᠣᠷᠢᠲᠤ ᠴᠡᠷᠢᠭ ᠤᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ︽ᠪᠣᠭᠤᠮᠲᠠ ᠶᠢᠨ ᠭᠠᠳᠠᠨᠠᠬᠢ ᠰᠦᠵᠧᠦ ᠬᠠᠩᠵᠧᠦ︾ ᠶᠢᠨ ᠨᠡᠷᠡᠳᠦ ᠲᠡᠮᠳᠡᠭ ᠢ ᠦᠷᠭᠦᠯᠵᠢᠯᠡᠨ ᠭᠠᠶᠢᠬᠠᠭᠤᠯᠵᠤ᠂ ᠨᠠᠢᠮᠠᠨ ᠵᠣᠪᠬᠢᠰ ᠤᠨ ᠵᠤᠭᠠᠴᠠᠭᠰᠠᠳ ᠲᠤ ᠨᠡᠩ ᠤᠯᠠᠨ ᠭᠤᠶᠢᠳᠠ ᠰᠠᠶᠢᠬᠠᠨ ᠰᠣᠶᠣᠯ ᠤᠨ ᠵᠤᠭᠠᠴᠠᠯ ᠤᠨ ᠣᠶᠢᠯᠠᠭᠠᠯᠲᠠ ᠶᠢ ᠠᠪᠴᠢᠷᠠᠵᠤ ᠥᠭᠬᠦ ᠪᠣᠯᠣᠨ᠎ᠠ᠃  
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ