ᠬᠥᠬᠡᠮᠳᠦᠭ ᠨᠣᠭᠤᠭᠠᠨ ᠠᠭᠤᠯᠠ ᠤᠰᠤ ᠶᠢ ᠰᠠᠬᠢᠨ ᠬᠠᠮᠠᠭᠠᠯᠠᠵᠤ ᠠᠮᠢ ᠠᠬᠤᠢ ᠶᠢᠨ ᠬᠠᠯᠬᠠᠪᠴᠢ ᠶᠢ ᠪᠠᠬᠢᠵᠢᠭᠦᠯᠦᠨ᠎ᠡ ︱ ᠬᠤᠳᠠ ᠶᠢᠨ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠤᠢ ᠰᠢᠭᠤᠢ ᠡᠪᠡᠰᠦ ᠪᠡᠯᠴᠢᠭᠡᠷ ᠢ ᠡᠪᠳᠡᠵᠦ ᠴᠢᠭᠢᠭ ᠢ ᠡᠪᠳᠡᠬᠦ ᠠᠵᠢᠯ ᠢ ᠬᠢᠨᠠᠨ ᠵᠢᠯᠤᠭᠤᠳᠴᠤ ᠴᠣᠬᠢᠯᠲᠠ  ᠦᠭᠪᠡ
ᠨᠡᠶᠢᠲᠡᠯᠡᠭᠰᠡᠨ ᠴᠠᠭ᠄
2025/5/7
    ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ  ᠶᠢ ᠪᠦᠬᠦ ᠲᠠᠯ᠎ᠠ  ᠪᠠᠷ ᠲᠤᠤᠱᠯᠠᠭᠤᠯᠤᠨ  ᠨᠠᠶᠢᠳᠠᠪᠣᠷᠢᠵᠢᠭᠤᠯᠣᠨ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠦᠨᠡᠨᠬᠦ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠡᠷᠡᠰ ᠬᠤᠷᠢᠭᠯᠠᠵᠤ᠂ ᠣᠶᠢᠷ᠎ᠠ ᠳᠤ᠂ ᠵᠠᠯᠠᠨ ᠠᠶᠢᠯ ᠬᠤᠳᠠ ᠶᠢᠨ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠪᠡᠶ᠎ᠡ ᠪᠠᠷ ᠢᠶᠠᠨ ᠳᠠᠭᠠᠭᠤᠯᠵᠤ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠵᠣᠬᠢᠶᠠᠨ ᠪᠠᠶᠢᠭᠤᠯᠤᠨ ᠡᠯ᠎ᠡ ᠰᠢᠶᠠᠩ ᠪᠠᠯᠭᠠᠰᠤᠨ ᠳᠤ  ᠬᠦᠷᠴᠦ᠂ ᠤᠢ ᠰᠢᠭᠤᠢ ᠡᠪᠡᠰᠦ ᠪᠡᠯᠴᠢᠭᠡᠷ ᠢ ᠡᠪᠳᠡᠵᠦ ᠴᠢᠭᠢᠭ ᠢ ᠰᠦᠢᠳᠬᠡᠬᠦ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠵᠢᠯᠤᠭᠤᠳᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠮᠢ ᠠᠬᠤᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠬᠢᠨ ᠬᠠᠮᠠᠭᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠨ ᠬᠥᠭᠵᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃    ᠬᠤᠲᠠ ᠶᠢᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠠᠵᠢᠯᠯᠠᠬᠤ ᠳᠤᠭᠤᠶᠢᠯᠠᠩ ᠨᠢ ᠲᠤᠬᠠᠢ ᠶᠢᠨ ᠭᠠᠵᠠᠷ ᠤᠨ ᠪᠠᠯᠭᠠᠰᠤᠨ ᠤ ᠵᠠᠰᠠᠭ ᠤᠨ ᠣᠷᠳᠣᠨ᠂ ᠲᠣᠰᠬᠤᠨ ᠤ ᠱᠦᠵᠢ ᠲᠠᠢ ᠨᠢᠭᠲᠠ ᠬᠠᠮᠵᠢᠯᠴᠠᠨ᠂ ᠲᠤᠬᠠᠢ ᠶᠢᠨ ᠭᠠᠵᠠᠷ ᠲᠤ ᠭᠦᠨᠵᠡᠭᠡᠶᠢᠷᠡᠨ᠂ ᠣᠶ ᠰᠢᠭᠤᠢ ᠡᠪᠡᠰᠦ ᠪᠡᠯᠴᠢᠭᠡᠷ ᠢ ᠡᠪᠳᠡᠵᠦ ᠴᠢᠭᠢᠭ ᠢ ᠰᠦᠢᠳᠬᠡᠭᠰᠡᠨ ᠠᠰᠠᠭᠤᠳᠠᠯ ᠤᠨ ᠵᠢᠷᠤᠭ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠢᠭᠡᠳ ᠨᠢᠭᠡ ᠪᠠᠷ ᠨᠠᠷᠢᠨ ᠨᠢᠮᠪᠠᠢ ᠪᠠᠶᠢᠴᠠᠭᠠᠪᠠ᠃ ᠠᠵᠢᠯᠯᠠᠬᠤ ᠳᠤᠭᠤᠶᠢᠯᠠᠩ ᠤᠨ ᠬᠢᠨ ᠴᠡᠭᠴᠡᠯᠡᠨ ᠰᠠᠶᠢᠵᠢᠷᠠᠭᠤᠯᠬᠤ ᠠᠬᠢᠴᠠ ᠪᠣᠯᠣᠨ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠳᠠᠲᠤ ᠪᠠᠶᠢᠳᠠᠯ ᠢ ᠪᠦᠬᠦ ᠲᠠᠯ᠎ᠠ ᠪᠠᠷ ᠡᠵᠡᠮᠰᠢᠪᠡ᠃ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠴᠡᠭᠴᠡᠯᠡᠨ ᠰᠠᠶᠢᠵᠢᠷᠠᠭᠤᠯᠬᠤ ᠳᠤ ᠪᠡᠷᠬᠡᠲᠡᠢ ᠠᠰᠠᠭᠤᠳᠠᠯ ᠳᠤ ᠴᠢᠭᠯᠡᠭᠦᠯᠦᠨ᠂ ᠬᠤᠲᠠ ᠶᠢᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠠᠵᠢᠯᠯᠠᠬᠤ ᠳᠤᠭᠤᠶᠢᠯᠠᠩ ᠪᠣᠯᠣᠨ ᠪᠠᠯᠭᠠᠰᠤ᠂ ᠲᠣᠰᠬᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠤᠬᠠᠢ ᠶᠢᠨ ᠲᠠᠯᠠᠪᠤᠷ ᠲᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠰᠢᠢᠳᠪᠦᠷᠢᠯᠡᠬᠦ ᠲᠥᠰᠥᠯ ᠢ ᠬᠠᠮᠲᠤ ᠪᠠᠷ ᠰᠤᠳᠤᠯᠪᠠ᠃ ᠤᠯᠠᠨ ᠢᠶᠠᠷ ᠢᠶᠠᠨ ᠠᠰᠠᠭᠤᠳᠠᠯ ᠤᠨ ᠦᠨᠳᠦᠰᠦ ᠰᠤᠷᠪᠤᠯᠵᠢ ᠶᠢᠨ ᠲᠣᠭᠤᠷᠢᠨ ᠳᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠤᠯᠠᠨ ᠤ ᠤᠶᠤᠨ ᠤᠬᠠᠭᠠᠨ ᠢ ᠲᠥᠪᠯᠡᠷᠡᠭᠦᠯᠵᠦ᠂ ᠮᠡᠷᠭᠡᠵᠢᠯ ᠤᠨ ᠳᠡᠮᠵᠢᠯᠭᠡ᠂ ᠲᠦᠷᠦ ᠶᠢᠨ ᠪᠣᠳᠣᠯᠭ᠎ᠠ ᠶᠢᠨ ᠵᠢᠯᠣᠭᠤᠳᠤᠯᠭ᠎ᠠ᠂ ᠡᠬᠢ ᠪᠠᠶᠠᠯᠢᠭ ᠤᠨ ᠲᠣᠬᠢᠷᠠᠭᠤᠯᠤᠯᠲᠠ ᠵᠡᠷᠭᠡ ᠤᠯᠠᠨ ᠲᠠᠯ᠎ᠠ ᠠᠴᠠ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠳᠤᠷᠠᠳᠴᠤ᠂ ᠬᠠᠷᠢᠭᠤᠴᠠᠯᠭ᠎ᠠ ᠶᠢᠨ ᠬᠤᠪᠢᠶᠠᠷᠢᠯᠠᠯ ᠪᠣᠯᠣᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠰᠠᠭᠤᠳᠠᠯ ᠪᠦᠬᠦᠨ ᠢ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠵᠤ᠂ ᠤᠢ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠴᠢᠳᠠᠪᠬᠢ ᠶᠢ ᠦᠨᠡᠨᠬᠦ ᠰᠡᠷᠭᠦᠭᠡᠪᠡ᠃    ᠬᠤᠲᠠ ᠶᠢᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠠᠵᠢᠯᠯᠠᠬᠤ ᠳᠤᠭᠤᠶᠢᠯᠠᠩ ᠨᠢ ᠲᠤᠬᠠᠢ ᠶᠢᠨ ᠭᠠᠵᠠᠷ ᠤᠨ ᠪᠠᠯᠭᠠᠰᠤᠨ ᠤ ᠵᠠᠰᠠᠭ ᠤᠨ ᠣᠷᠳᠣᠨ᠂ ᠲᠣᠰᠬᠤᠨ ᠤ ᠱᠦᠵᠢ ᠲᠠᠢ ᠨᠢᠭᠲᠠ ᠬᠠᠮᠵᠢᠯᠴᠠᠨ᠂ ᠲᠤᠬᠠᠢ ᠶᠢᠨ ᠭᠠᠵᠠᠷ ᠲᠤ ᠭᠦᠨᠵᠡᠭᠡᠶᠢᠷᠡᠨ᠂ ᠣᠶ ᠰᠢᠭᠤᠢ ᠡᠪᠡᠰᠦ ᠪᠡᠯᠴᠢᠭᠡᠷ ᠢ ᠡᠪᠳᠡᠵᠦ ᠴᠢᠭᠢᠭ ᠢ ᠰᠦᠢᠳᠬᠡᠭᠰᠡᠨ ᠠᠰᠠᠭᠤᠳᠠᠯ ᠤᠨ ᠵᠢᠷᠤᠭ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠢᠭᠡᠳ ᠨᠢᠭᠡ ᠪᠠᠷ ᠨᠠᠷᠢᠨ ᠨᠢᠮᠪᠠᠢ ᠪᠠᠶᠢᠴᠠᠭᠠᠪᠠ᠃ ᠠᠵᠢᠯᠯᠠᠬᠤ ᠳᠤᠭᠤᠶᠢᠯᠠᠩ ᠤᠨ ᠬᠢᠨ ᠴᠡᠭᠴᠡᠯᠡᠨ ᠰᠠᠶᠢᠵᠢᠷᠠᠭᠤᠯᠬᠤ ᠠᠬᠢᠴᠠ ᠪᠣᠯᠣᠨ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠳᠠᠲᠤ ᠪᠠᠶᠢᠳᠠᠯ ᠢ ᠪᠦᠬᠦ ᠲᠠᠯ᠎ᠠ ᠪᠠᠷ ᠡᠵᠡᠮᠰᠢᠪᠡ᠃ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠴᠡᠭᠴᠡᠯᠡᠨ ᠰᠠᠶᠢᠵᠢᠷᠠᠭᠤᠯᠬᠤ ᠳᠤ ᠪᠡᠷᠬᠡᠲᠡᠢ ᠠᠰᠠᠭᠤᠳᠠᠯ ᠳᠤ ᠴᠢᠭᠯᠡᠭᠦᠯᠦᠨ᠂ ᠬᠤᠲᠠ ᠶᠢᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠠᠵᠢᠯᠯᠠᠬᠤ ᠳᠤᠭᠤᠶᠢᠯᠠᠩ ᠪᠣᠯᠣᠨ ᠪᠠᠯᠭᠠᠰᠤ᠂ ᠲᠣᠰᠬᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠤᠬᠠᠢ ᠶᠢᠨ ᠲᠠᠯᠠᠪᠤᠷ ᠲᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠰᠢᠢᠳᠪᠦᠷᠢᠯᠡᠬᠦ ᠲᠥᠰᠥᠯ ᠢ ᠬᠠᠮᠲᠤ ᠪᠠᠷ ᠰᠤᠳᠤᠯᠪᠠ᠃ ᠤᠯᠠᠨ ᠢᠶᠠᠷ ᠢᠶᠠᠨ ᠠᠰᠠᠭᠤᠳᠠᠯ ᠤᠨ ᠦᠨᠳᠦᠰᠦ ᠰᠤᠷᠪᠤᠯᠵᠢ ᠶᠢᠨ ᠲᠣᠭᠤᠷᠢᠨ ᠳᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠤᠯᠠᠨ ᠤ ᠤᠶᠤᠨ ᠤᠬᠠᠭᠠᠨ ᠢ ᠲᠥᠪᠯᠡᠷᠡᠭᠦᠯᠵᠦ᠂ ᠮᠡᠷᠭᠡᠵᠢᠯ ᠤᠨ ᠳᠡᠮᠵᠢᠯᠭᠡ᠂ ᠲᠦᠷᠦ ᠶᠢᠨ ᠪᠣᠳᠣᠯᠭ᠎ᠠ ᠶᠢᠨ ᠵᠢᠯᠣᠭᠤᠳᠤᠯᠭ᠎ᠠ᠂ ᠡᠬᠢ ᠪᠠᠶᠠᠯᠢᠭ ᠤᠨ ᠲᠣᠬᠢᠷᠠᠭᠤᠯᠤᠯᠲᠠ ᠵᠡᠷᠭᠡ ᠤᠯᠠᠨ ᠲᠠᠯ᠎ᠠ ᠠᠴᠠ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠳᠤᠷᠠᠳᠴᠤ᠂ ᠬᠠᠷᠢᠭᠤᠴᠠᠯᠭ᠎ᠠ ᠶᠢᠨ ᠬᠤᠪᠢᠶᠠᠷᠢᠯᠠᠯ ᠪᠣᠯᠣᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠰᠠᠭᠤᠳᠠᠯ ᠪᠦᠬᠦᠨ ᠢ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠵᠤ᠂ ᠤᠢ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠴᠢᠳᠠᠪᠬᠢ ᠶᠢ ᠦᠨᠡᠨᠬᠦ ᠰᠡᠷᠭᠦᠭᠡᠪᠡ᠃    ᠡᠭᠦᠨ ᠤ ᠵᠡᠷᠭᠡ ᠳᠤ᠂ ᠬᠢᠨᠠᠨ ᠬᠠᠮᠢᠶᠠᠷᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠲᠣᠭᠤᠷᠢᠨ ᠪᠠᠶᠢᠴᠠᠭᠠᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢᠨ ᠲᠥᠯᠥᠭᠡ᠂ ᠬᠤᠲᠠ ᠶᠢᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠠᠴᠠ ᠡᠯ᠎ᠡ ᠣᠶ ᠰᠢᠭᠤᠢ ᠶᠢᠨ ᠲᠠᠯᠠᠪᠠᠶ ᠶᠢ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠵᠢᠯᠣᠭᠤᠴᠢ ᠦᠭᠡᠢ ᠨᠢᠰᠬᠡᠯ ᠢ ᠢᠳᠡᠪᠬᠢᠲᠡᠢ ᠪᠠᠷ ᠬᠥᠳᠡᠯᠭᠡᠨ ᠪᠠᠶᠢᠩᠭᠤ ᠶᠢᠨ ᠴᠢᠨᠠᠷᠲᠠᠢ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ᠂ ᠶᠡᠭᠡ ᠬᠡᠰᠡᠭ ᠭᠠᠵᠠᠷ ᠣᠷᠣᠨ ᠳᠤ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠷ ᠪᠥᠬᠦ ᠲᠠᠯ᠎ᠠ ᠶᠢᠨ ᠬᠢᠨᠠᠨ ᠬᠡᠮᠵᠢᠯᠲᠡ ᠬᠢᠵᠦ᠂ ᠳᠠᠯᠳᠠ ᠪᠠᠶᠢᠭ᠎ᠠ ᠡᠪᠳᠡᠯᠡᠭᠡ ᠶᠢᠨ ᠦᠶᠯᠡ ᠠᠵᠢᠯᠯᠠᠭ᠎ᠠ ᠪᠠ ᠬᠡᠪ ᠤᠨ ᠪᠤᠰᠤ ᠪᠠᠶᠢᠳᠠᠯ ᠢ ᠴᠠᠭ ᠲᠤᠬᠠᠢ ᠳᠤᠨᠢ ᠢᠯᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃ ᠡᠭᠦᠨ ᠠᠴᠠ ᠭᠠᠳᠠᠨ᠎ᠠ᠂ ᠭᠤᠣᠯᠳᠠᠯᠭ᠎ᠠ ᠲᠠᠢ ᠣᠷᠣᠨ ᠪᠦᠰᠡ ᠳᠤ ᠳᠡᠭᠡᠳᠦ ᠲᠣᠳᠣ ᠰᠡᠭᠦᠳᠡᠷᠯᠡᠬᠦ ᠮᠠᠰᠢᠨ ᠤᠭᠰᠠᠷᠠᠵᠤ᠂ ︽ᠪᠣᠳᠠᠰ ᠢᠶᠠᠷ ᠰᠡᠷᠭᠡᠶᠢᠯᠡᠬᠦ︾ ᠪᠠ ︽ᠮᠡᠷᠭᠡᠵᠢᠯ ᠢᠶᠠᠷ ᠰᠡᠷᠭᠡᠶᠢᠯᠡᠬᠦ︾ ᠶᠢ ᠬᠠᠷᠢᠯᠴᠠᠨ ᠤᠶᠠᠯᠳᠤᠭᠤᠯᠤᠭᠰᠠᠨ ᠪᠣᠰᠤᠭ᠎ᠠ ᠴᠣᠭᠴᠠᠲᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠪᠠᠶᠢᠭᠤᠯᠤᠨ᠂ 24 ᠴᠠᠭ ᠲᠠᠰᠤᠯᠳᠠᠭᠤᠯᠬᠤ ᠦᠭᠡᠢ ᠪᠠᠷ ᠬᠢᠨᠠᠨ ᠡᠵᠡᠮᠳᠡᠬᠦ ᠶᠢ ᠪᠡᠶᠡᠯᠡᠭᠦᠯᠵᠦ᠂ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠡᠪᠳᠡᠬᠦ ᠡᠯ᠎ᠡ ᠲᠥᠷᠥᠯ ᠤᠨ ᠦᠶᠯᠡ ᠠᠵᠢᠯᠯᠠᠭ᠎ᠠ ᠳᠤ ᠬᠦᠴᠦᠷᠬᠡᠭ ᠶᠡᠭᠡ ᠰᠦᠷᠳᠡᠭᠦᠯᠦᠯ ᠪᠣᠯᠵᠤ᠂ ᠳᠠᠬᠢᠨ ᠬᠠᠭᠠᠯᠪᠤᠷᠢᠯᠠᠬᠤ ᠦᠵᠡᠭᠳᠡᠯ ᠡᠭᠦᠰᠬᠦ ᠶᠢ ᠡᠷᠡᠰ ᠬᠤᠷᠢᠭᠯᠠᠨ᠂ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠪᠦᠷᠢᠨ ᠪᠦᠲᠦᠨ ᠴᠢᠨᠠᠷ ᠪᠠ ᠠᠮᠢ ᠠᠬᠤᠢ ᠶᠢᠨ ᠴᠢᠳᠠᠮᠵᠢ ᠶᠢ ᠦᠨᠡᠨᠬᠦ ᠬᠠᠮᠠᠭᠠᠯᠠᠨ᠎ᠠ᠃    ᠲᠠᠷᠠᠭᠠᠴᠢ ᠶᠢᠨ ᠠᠯᠬᠤᠮ ᠳᠤ᠂ ᠬᠤᠲᠠ ᠶᠢᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠥᠷᠳᠡᠨ ᠳᠠᠭᠠᠵᠤ ᠦᠷ᠎ᠡ ᠪᠦᠲᠦᠮᠵᠢ ᠠᠰᠠᠭᠤᠬᠤ ᠶᠢ ᠴᠢᠩᠭᠠᠳᠬᠠᠨ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠣᠳᠠᠲᠤ ᠠᠵᠢᠯᠯᠠᠭ᠎ᠠ ᠪᠠᠷ ᠢᠶᠠᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠᠨ ᠠᠭᠤᠯᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠬᠤ᠂ ᠠᠮᠢ ᠠᠬᠤᠢ ᠶᠢᠨ ᠬᠠᠯᠬᠠᠪᠴᠢ ᠶᠢ ᠪᠠᠬᠢᠵᠢᠭᠦᠯᠬᠦ ᠳᠤ ᠣᠶ ᠰᠢᠭᠤᠢ ᠡᠪᠡᠰᠦ ᠪᠡᠯᠴᠢᠭᠡᠷ ᠤᠨ ᠬᠦᠴᠦᠨ ᠴᠢᠳᠠᠯ ᠢᠶᠠᠨ ᠨᠡᠮᠡᠷᠢᠯᠡᠨ᠎ᠡ︕  
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ