ᠣᠶ ᠰᠢᠭᠤᠢ ᠬᠢᠭᠡᠳ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠦᠨᠡᠨᠬᠦ ᠴᠢᠩᠭᠠᠳᠬᠠᠵᠤ᠂ ᠣᠶ ᠰᠢᠭᠤᠢ ᠡᠪᠡᠰᠦ ᠪᠡᠯᠴᠢᠭᠡᠷ ᠢ ᠡᠪᠳᠡᠬᠦ ᠦᠶᠯᠡ | ᠠᠵᠢᠯᠯᠠᠭ᠎ᠠ ᠶᠢ ᠵᠠᠰᠠᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ ᠶᠢᠨ ᠲᠤᠰᠠᠳᠠ᠂ ᠬᠤᠲᠠ ᠶᠢᠨ ᠨᠠᠮ ᠤᠨ ᠬᠤᠷᠢᠶ᠎ᠠ ᠬᠤᠲᠠ ᠶᠢᠨ ᠵᠠᠰᠠᠭ ᠤᠨ ᠣᠷᠳᠣᠨ ᠤ | ᠠᠵᠢᠯ ᠤᠨ ᠱᠠᠭᠠᠷᠳᠠᠯᠭ᠎ᠠ ᠶᠣᠰᠣᠭᠠᠷ᠂ 8 ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ ᠳᠤ ᠥᠨᠳᠥᠷ ᠲᠣᠳᠣ ᠬᠢᠨᠠᠨ ᠡᠵᠡᠮᠳᠡᠬᠦ ᠰᠡᠭᠦᠳᠡᠷᠯᠡᠬᠦ ᠮᠠᠰᠢᠨ ᠢ | ᠪᠠᠶᠢᠷᠢᠯᠠᠭᠤᠯᠤᠨ᠎ᠠ᠃ ᠲᠣᠰ ᠤᠳᠠᠭᠠᠨ ᠤ ᠪᠠᠶᠢᠷᠢᠯᠠᠭᠤᠯᠤᠯᠲᠠ ᠶᠢᠨ ᠠᠵᠢᠯ ᠤᠨ ᠭᠤᠣᠯᠳᠠᠯᠭ᠎ᠠ ᠶᠢ ᠭᠤᠣᠯᠳᠠᠭᠤ ᠠᠭᠤᠯᠠᠨ ᠳᠤ ᠣᠷᠣᠬᠤ ᠠᠮᠠᠰᠠᠷ᠂ ᠣᠶᠢᠲᠤ ᠭᠠᠵᠠᠷ ᠢ | ᠠᠮᠠᠷᠬᠠᠨ ᠡᠪᠳᠡᠳᠡᠭ ᠭᠤᠣᠯᠳᠠᠯᠭ᠎ᠠ ᠲᠠᠢ ᠬᠠᠮᠢᠶᠠᠷᠤᠨ ᠬᠠᠮᠠᠭᠠᠯᠠᠬᠤ ᠣᠷᠣᠨ᠂ ᠳᠠᠬᠢᠨ ᠬᠠᠭᠠᠯᠪᠤᠷᠢᠯᠠᠬᠤ ᠶᠢ ᠰᠡᠷᠭᠡᠶᠢᠯᠡᠳᠡᠭ ᠣᠶᠢᠲᠤ ᠭᠠᠵᠠᠷ ᠢ ᠡᠪᠳᠡᠳᠡᠭ ᠬᠡᠰᠡᠭ ᠵᠡᠷᠭᠡ | ᠵᠠᠩᠭᠢᠯᠠᠭ᠎ᠠ ᠶᠢᠨ ᠴᠡᠭ ᠲᠤ ᠲᠥᠪᠯᠡᠷᠡᠭᠦᠯᠦᠨ᠎ᠡ᠂ ᠬᠠᠷᠠᠯᠲᠠ ᠨᠢ ︽ᠭᠤᠣᠯᠳᠠᠯᠭ᠎ᠠ ᠲᠠᠢ ᠣᠷᠣᠨ ᠪᠦᠰᠡ ᠶᠢ ᠪᠦᠷᠢᠨ ᠪᠦᠷᠬᠦᠭᠦᠯᠬᠦ᠂ ᠬᠠᠤᠯᠢ ᠠᠴᠠ ᠵᠥᠷᠢᠴᠡᠭᠰᠡᠨ | ᠦᠶᠯᠡ ᠠᠵᠢᠯᠯᠠᠭ᠎ᠠ ᠶᠢ ᠪᠦᠷᠢᠨ ᠨᠡᠬᠡᠮᠵᠢᠯᠡᠬᠦ︾ ᠣᠶᠤᠨᠴᠢ ᠬᠢᠨᠠᠨ ᠡᠵᠡᠮᠳᠡᠬᠦ ᠲᠣᠣᠷ ᠰᠦᠯᠵᠢᠶ᠎ᠡ ᠶᠢ ᠪᠣᠶ ᠪᠣᠯᠭᠠᠵᠤ᠂ ᠣᠶ ᠰᠢᠭᠤᠢ ᠡᠪᠡᠰᠦ ᠪᠡᠯᠴᠢᠭᠡᠷ ᠢ ᠡᠪᠳᠡᠬᠦ | ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠬᠢᠨᠠᠨ ᠬᠡᠮᠵᠢᠬᠦ ᠪᠠ ᠪᠦᠲᠦᠮᠵᠢᠲᠡᠶ ᠬᠤᠷᠢᠭᠯᠠᠬᠤ ᠶᠢ ᠪᠡᠶᠡᠯᠡᠭᠦᠯᠦᠨ᠎ᠡ᠃ | ᠡᠮᠦᠨ᠎ᠡ ᠬᠤᠭᠤᠴᠠᠭᠠᠨ ᠳᠤ᠂ ᠲᠤᠰᠬᠠᠢ ᠮᠡᠷᠭᠡᠵᠢᠯ ᠤᠨ ᠠᠵᠢᠯᠲᠠᠨ ᠲᠤᠬᠠᠢ ᠶᠢᠨ ᠲᠠᠯᠠᠪᠤᠷ ᠤᠨ ᠪᠥᠬᠦ ᠲᠠᠯ᠎ᠠ ᠶᠢᠨ ᠬᠠᠶᠢᠨ ᠰᠢᠯᠭᠠᠯᠲᠠ ᠪᠠᠷ ᠳᠡᠮᠵᠢᠨ᠂ | ᠬᠠᠮᠢᠶᠠᠷᠴᠤ ᠬᠠᠮᠠᠭᠠᠯᠠᠬᠤ ᠶᠢᠨ ᠬᠦᠴᠢᠷᠳᠡᠯ᠂ ᠳᠣᠬᠢᠶᠠᠨ ᠤ ᠪᠦᠷᠬᠦᠴᠡ ᠶᠢᠨ ᠣᠷᠣᠨ ᠪᠦᠰᠡ ᠵᠡᠷᠭᠡ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠬᠤ ᠶᠢᠨ ᠬᠠᠮᠲᠤ ᠣᠶᠢᠲᠤ | ᠭᠠᠵᠠᠷ ᠤᠨ ᠭᠠᠵᠠᠷ ᠤᠨ ᠪᠠᠶᠢᠴᠠ᠂ ᠮᠣᠳᠣᠨ ᠤ ᠲᠠᠷᠬᠠᠯᠲᠠ ᠵᠡᠷᠭᠡ ᠬᠦᠴᠦᠨ ᠵᠦᠢᠯ ᠲᠠᠢ ᠨᠢᠭᠲᠠ ᠤᠶᠠᠯᠳᠤᠭᠤᠯᠤᠨ᠂ ᠬᠠᠮᠤᠭ ᠡᠴᠦᠰ ᠲᠤ 240 ᠬᠢᠨᠠᠨ ᠡᠵᠡᠮᠳᠡᠵᠦ | ᠤᠭᠰᠠᠷᠠᠬᠤ ᠣᠷᠣᠨ ᠪᠠᠶᠢᠷᠢ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠭᠰᠠᠨ ᠪᠠᠶᠢᠨ᠎ᠠ᠃ ᠬᠢᠨᠠᠨ ᠡᠵᠡᠮᠳᠡᠬᠦ ᠦᠵᠦᠭᠦᠷ ᠢ ᠲᠣᠰ ᠲᠣᠰ ᠣᠶ ᠰᠢᠭᠤᠢ ᠡᠪᠡᠰᠦ | ᠪᠡᠯᠴᠢᠭᠡᠷ ᠤᠨ ᠲᠣᠪᠴᠢᠶ᠎ᠠ ᠪᠠ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠪᠠᠶᠢᠷᠢᠯᠠᠭᠤᠯᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠬᠠᠮᠵᠢᠯᠴᠠᠨ | ᠬᠠᠮᠢᠶᠠᠷᠬᠤ ᠶᠢ ᠪᠡᠶᠡᠯᠡᠭᠦᠯᠦᠨ᠎ᠡ᠃ | ᠤᠯᠤᠰ ᠤᠨ ᠥᠮᠴᠢᠯᠡᠯ ᠤᠨ ᠨᠠᠢᠮᠠᠨ ᠤᠢ ᠰᠢᠭᠤᠢ ᠶᠢᠨ ᠲᠠᠯᠠᠪᠠᠢ ᠪᠣᠯᠣᠨ ᠴᠢᠮᠡᠭᠡ ᠨᠡᠪᠲᠡᠷᠡᠯᠭᠡ ᠶᠢᠨ ᠺᠣᠮᠫᠠᠨᠢ ᠦᠳᠲᠡᠷ ᠲᠦᠷᠭᠡᠨ ᠴᠤᠤᠷᠢᠶᠠᠲᠤᠨ ᠳᠠᠭᠠᠵᠤ᠂ | ᠠᠵᠢᠯᠲᠠᠳ ᠡᠭᠡᠯᠵᠢ ᠨᠡᠮᠡᠵᠦ ᠴᠠᠭ ᠨᠡᠮᠡᠵᠦ ᠤᠭᠰᠠᠷᠠᠬᠤ ᠠᠵᠢᠯ ᠢ ᠠᠬᠢᠭᠤᠯᠵᠤ᠂ ᠣᠳᠣᠬᠠᠨ ᠳᠤ 100 ᠰᠡᠭᠦᠳᠡᠷᠯᠡᠬᠦ ᠮᠠᠰᠢᠨ ᠢ ᠨᠢᠭᠡᠨᠲᠡ ᠲᠤᠷᠰᠢᠨ ᠬᠡᠷᠡᠭᠯᠡᠵᠦ | ᠳᠠᠭᠤᠰᠤᠭᠰᠠᠨ ᠤ ᠬᠠᠮᠲᠤ ᠠᠰᠢᠭᠯᠠᠯᠲᠠ ᠳᠤ ᠣᠷᠣᠭᠤᠯᠵᠤ᠂ ᠪᠤᠰᠤᠳ ᠰᠡᠭᠦᠳᠡᠷᠯᠡᠬᠦ ᠮᠠᠰᠢᠨ ᠢ ᠶᠠᠭ ᠪᠠᠴᠢᠮ ᠶᠠᠭᠠᠷᠠᠯᠲᠠᠢ ᠲᠤᠷᠰᠢᠨ ᠲᠣᠬᠢᠷᠠᠭᠤᠯᠵᠤ᠂ | ᠲᠥᠬᠦᠭᠡᠷᠦᠮᠵᠢ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ ᠪᠤᠢ᠃ | | |