ᠪᠠᠢ ᡁᠢ ᠵᠢᠶᠦ᠋ᠨ ᠬᠥᠯᠥᠨ ᠪᠤᠶᠢᠷ ᠬᠤᠳᠠ ᠶᠢᠨ ᠵᠠᠯᠠᠨ ᠠᠶᠢᠯ ᠬᠤᠳᠠ ᠶᠢᠨ ᠶᠢᠩ ᠱᠠᠨ ᠬᠤᠩ ᠰᠡᠯᠡᠭᠦᠴᠡᠯ ᠤᠨ ᠵᠤᠭᠠᠴᠠᠯ ᠤᠨ ᠣᠷᠣᠨ ᠳᠤ ᠭᠦᠨᠵᠡᠭᠡᠶᠢᠷᠡᠨ ᠬᠠᠪᠤᠷ ᠤᠨ ᠤᠯᠠᠷᠢᠯ ᠤᠨ ᠵᠤᠭᠠᠴᠠᠯ᠂ ︽5·1︾  ᠤ ᠬᠡᠷᠡᠭᠯᠡᠭᠡ ᠶᠢ ᠠᠬᠢᠭᠤᠯᠬᠤ᠂ ᠠᠶᠤᠯᠭᠦᠢ ᠦᠢᠯᠡᠳᠪᠦᠷᠢᠯᠡᠯ ᠢ ᠠᠬᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠱᠠᠯᠠᠪᠳᠠᠭᠤᠯᠤᠨ ᠵᠢᠯᠤᠭᠤᠳᠬᠤ ᠶᠢᠨ ᠬᠠᠮᠲᠤ ᠡᠮᠦᠨ᠎ᠡ ᠹᠷᠣᠨᠲ ᠤᠨ ᠠᠵᠢᠯᠲᠠᠳ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2025/5/7
    5 ᠰᠠᠷ᠎ᠠ ᠶᠢᠨ 1 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠬᠥᠯᠥᠨ ᠪᠤᠶᠢᠷ ᠬᠤᠲᠠ ᠶᠢᠨ ᠵᠠᠯᠠᠨ ᠠᠶᠢᠯ ᠬᠤᠲᠠ ᠶᠢᠨ ᠶᠢᠩ ᠱᠠᠨ ᠬᠤᠩ ᠰᠡᠯᠡᠭᠦᠴᠡᠯ ᠵᠢᠭᠤᠯᠴᠢᠯᠠᠯ ᠤᠨ ᠣᠷᠣᠨ ᠵᠡᠷᠭᠡ ᠭᠠᠵᠠᠷ ᠢᠶᠠᠷ ᠭᠦᠨᠵᠡᠭᠡᠶᠢᠷᠡᠨ᠂ ᠬᠠᠪᠤᠷ ᠤᠨ ᠵᠢᠭᠤᠯᠴᠢᠯᠠᠯ᠂ ᠲᠠᠪᠤᠨ ᠰᠠᠷ᠎ᠠ ᠶᠢᠨ ᠨᠢᠭᠡᠨ ᠤ ᠬᠡᠷᠡᠭᠯᠡᠭᠡ ᠶᠢ ᠠᠬᠢᠭᠤᠯᠬᠤ᠂ ᠠᠶᠤᠯᠭᠦᠢ ᠦᠢᠯᠡᠳᠪᠦᠷᠢᠯᠡᠯ᠂ ᠦᠵᠡᠮᠵᠢ ᠶᠢᠨ ᠣᠷᠣᠨ ᠤ ᠬᠠᠮᠢᠶᠠᠷᠤᠯᠲᠠ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠤᠨ ᠲᠤᠬᠠᠢ ᠲᠤᠬᠠᠢ ᠶᠢᠨ ᠲᠠᠯᠠᠪᠤᠷ ᠲᠤ ᠠᠵᠢᠯᠯᠠᠵᠤ᠂ ᠡᠮᠦᠨ᠎ᠡ ᠹᠷᠣᠨᠲ ᠤᠨ ᠠᠵᠢᠯᠲᠠᠳ ᠢ ᠲᠣᠬᠤᠨᠢᠭᠤᠯᠪᠠ᠃ ᠬᠤᠲᠠ ᠶᠢᠨ ᠤᠳᠤᠷᠢᠳᠤᠯᠭ᠎ᠠ ᡂᠢ ᠯᠦᠩ᠂ ᠶᠢᠨ ᠰᠢᠶᠣᠣ  ᠾᠦᠢ ᠣᠷᠣᠯᠴᠠᠵᠠᠢ᠃    ᠬᠥᠯᠥᠨ ᠪᠤᠶᠢᠷ ᠬᠤᠳᠠ ᠶᠢᠨ ᠵᠠᠯᠠᠨ ᠠᠶᠢᠯ ᠬᠤᠳᠠ ᠶᠢᠨ ᠶᠢᠩ ᠱᠠᠨ ᠬᠤᠩ ᠰᠡᠯᠡᠭᠦᠴᠡᠯ ᠤᠨ ᠵᠤᠭᠠᠴᠠᠯ ᠤᠨ ᠲᠣᠭᠤᠷᠢᠭ ᠲᠤ᠂ ᠪᠠᠢ ᡁᠢ ᠵᠢᠶᠦ᠋ᠨ ᠦᠵᠡᠮᠵᠢ ᠶᠢᠨ ᠣᠷᠣᠨ ᠤ ᠠᠶᠠᠨᠴᠢᠳ ᠤᠨ ᠴᠤᠪᠤᠷᠠᠯ᠂ ᠠᠮᠤᠷ ᠲᠦᠪᠰᠢᠨ ᠤ ᠬᠠᠮᠢᠶᠠᠷᠤᠯᠲᠠ᠂ ᠦᠢᠯᠡᠴᠢᠯᠡᠭᠡᠨ ᠤ ᠪᠠᠲᠤᠯᠠᠭ᠎ᠠ᠂ ᠰᠠᠶᠢᠨ ᠳᠤᠷ᠎ᠠ ᠶᠢᠨ ᠠᠵᠢᠯᠯᠠᠭᠴᠢ ᠶᠢᠨ ᠬᠦᠴᠦᠨ ᠤ ᠲᠣᠬᠢᠷᠠᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠥᠷᠭᠡᠨ ᠤᠯᠠᠨ ᠡᠮᠦᠨ᠎ᠡ ᠹᠷᠣᠨᠲ ᠤᠨ ᠠᠵᠢᠯᠲᠠᠳ ᠪᠣᠯᠣᠨ ᠰᠠᠶᠢᠨ ᠳᠤᠷ᠎ᠠ ᠶᠢᠨ ᠠᠵᠢᠯᠯᠠᠭᠰᠠᠳ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠬᠦ ᠶᠢᠨ ᠬᠠᠮᠲᠤ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃ ᠪᠠᠢ ᡁᠢ ᠵᠢᠶᠦ᠋ᠨ᠂ ᠦᠵᠡᠮᠵᠢ ᠶᠢᠨ ᠣᠷᠣᠨ ᠤ ᠡᠷᠬᠢᠨ ᠲᠣᠭᠤᠷᠢᠨ ᠤ ᠲᠤᠬᠠᠢ ᠶᠢᠨ ᠲᠠᠯᠠᠪᠠᠢ ᠶᠢᠨ ᠡᠮᠬᠢ ᠳᠢᠭᠯᠢᠮ ᠢ ᠬᠠᠮᠠᠭᠠᠯᠠᠬᠤ ᠪᠠ ᠵᠣᠬᠢᠶᠠᠨ ᠪᠠᠶᠢᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠴᠢᠬᠤᠯᠠ ᠲᠠᠸᠠᠷ ᠤᠨ ᠬᠠᠩᠭᠠᠯᠭ᠎ᠠ ᠶᠢ ᠪᠠᠲᠤᠯᠠᠬᠤ ᠪᠠ ᠦᠨ᠎ᠡ ᠬᠠᠩᠰᠢ ᠶᠢ ᠬᠢᠨᠠᠨ ᠬᠡᠮᠵᠢᠬᠦ ᠶᠢ ᠴᠢᠩᠭᠠᠳᠬᠠᠵᠤ᠂ ᠵᠠᠮ ᠬᠠᠷᠢᠯᠴᠠᠭ᠎ᠠ᠂ ᠪᠠᠴᠢᠮ ᠪᠠᠶᠢᠳᠠᠯ ᠢ ᠠᠷᠭᠠᠴᠠᠬᠤ᠂ ᠭᠠᠯ ᠤᠨᠲᠠᠷᠠᠭᠠᠬᠤ᠂ ᠬᠠᠤᠯᠢ ᠬᠡᠷᠡᠭᠵᠢᠭᠦᠯᠬᠦ ᠵᠡᠷᠭᠡ ᠭᠤᠣᠯᠳᠠᠯᠭ᠎ᠠ ᠲᠠᠢ ᠠᠮᠤᠷ ᠲᠦᠪᠰᠢᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠥᠷᠭᠡᠨ ᠤᠯᠠᠨ ᠵᠤᠭᠠᠴᠠᠭᠰᠠᠳ ᠲᠤ ᠠᠮᠤᠷ ᠲᠦᠪᠰᠢᠨ ᠲᠣᠭᠲᠠᠭᠤᠨ ᠡᠮᠬᠢ ᠳᠢᠭᠯᠢᠮ ᠲᠠᠢ ᠵᠤᠭᠠᠴᠠᠯ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠦ ᠬᠡᠯᠡᠪᠡ᠃    ︽5·1︾  ᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠪᠠᠢ ᡁᠢ ᠵᠢᠶᠦ᠋ᠨ ᠵᠤᠭᠠᠴᠠᠯ ᠤᠨ ᠦᠢᠯᠡᠰ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠪᠠᠢ ᡁᠢ ᠵᠢᠶᠦ᠋ᠨ ᠵᠢᠭᠠᠵᠤ ᠭᠠᠷᠭᠠᠭᠰᠠᠨ ᠨᠢ᠂ ︽5.1︾ ᠤ ᠠᠮᠠᠷᠠᠯᠲᠠ ᠶᠢᠨ ᠬᠤᠭᠤᠴᠠᠭ᠎ᠠ ᠪᠣᠯ ᠮᠠᠨ ᠤ ᠬᠤᠲᠠ ᠶᠢᠨ ᠵᠢᠭᠤᠯᠴᠢᠯᠠᠯ ᠤᠨ ᠵᠣᠴᠢᠯᠠᠬᠤ ᠣᠷᠭᠢᠯ ᠬᠤᠭᠤᠴᠠᠭ᠎ᠠ ᠮᠥᠨ᠂ ᠨᠠᠩ ᠴᠤ ᠬᠤᠲᠠ ᠶᠢᠨ ᠳᠦᠷᠢ ᠲᠥᠷᠬᠦ ᠪᠠ ᠵᠠᠰᠠᠭ ᠤᠨ ᠣᠷᠳᠣᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠯᠭᠡᠨ ᠦᠵᠡᠭᠦᠯᠬᠦ ᠵᠠᠩᠭᠢᠯᠠᠭ᠎ᠠ ᠶᠢᠨ ᠴᠣᠩᠬᠤ ᠮᠥᠨ᠂ ︽ᠢᠳᠡᠵᠦ  ᠣᠣᠭᠤᠬᠤ ᠬᠤᠨᠣᠵᠤ ᠬᠡᠪᠲᠡᠬᠦ ᠶᠠᠪᠤᠵᠤ ᠰᠠᠭᠤᠬᠤ ᠵᠤᠭᠠᠴᠠᠨ ᠬᠤᠳᠠᠯᠳᠤᠨ ᠠᠪᠬᠤ ᠵᠤᠭ᠎ᠠ ᠴᠡᠩᠭᠡᠯ︾ ᠤᠨ ᠲᠣᠭᠤᠷᠢᠨ ᠳᠤ ︽ᠪᠣᠷᠤᠯᠠᠭᠤᠯᠭ᠎ᠠ ᠶᠢ ᠠᠬᠢᠭᠤᠯᠵᠤ ᠠᠰᠢᠭ ᠣᠯᠭᠤᠬᠤ + ᠰᠣᠶᠣᠯ ᠤᠨ ᠵᠢᠭᠤᠯᠴᠢᠯᠠᠯ ᠤᠨ ᠥᠩᠭᠡᠷᠡᠯᠲᠡ︾ ᠪᠠᠷ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠬᠥᠮᠥᠰ ᠤᠨ ᠬᠦᠷᠢᠶᠡᠯᠡᠯ ᠢ ᠣᠯᠬᠤ ᠬᠡᠷᠡᠭᠲᠡᠢ᠃ ᠵᠤᠭᠠᠴᠠᠭᠰᠠᠳ ᠤᠨ ᠬᠡᠷᠡᠭᠴᠡᠭᠡ ᠱᠠᠭᠠᠷᠳᠠᠯᠭ᠎ᠠ᠂ ᠵᠤᠭᠠᠴᠠᠭᠰᠠᠳ ᠤᠨ ᠬᠠᠨᠤᠮᠵᠢᠲᠠᠢ ᠪᠠᠶᠢᠬᠤ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠮᠤᠷ ᠲᠦᠪᠰᠢᠨ ᠤ ᠬᠠᠮᠢᠶᠠᠷᠤᠯᠲᠠ᠂ ᠡᠮ ᠡᠮᠨᠡᠯᠭᠡ ᠶᠢᠨ ᠪᠠᠲᠤᠯᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠡᠯ᠎ᠡ ᠵᠦᠢᠯ ᠤᠨ ᠠᠵᠢᠯ ᠢ ᠰᠡᠳᠬᠢᠯ ᠲᠠᠯᠪᠢᠨ ᠰᠡᠳᠬᠢᠯᠭᠡ ᠲᠠᠢ ᠪᠠᠷ ᠰᠠᠶᠢᠲᠤᠷ ᠬᠢᠵᠦ᠂ ᠥᠷᠭᠡᠨ ᠤᠯᠠᠨ ᠵᠤᠭᠠᠴᠠᠭᠰᠠᠳ ᠲᠤ ᠥᠪᠡᠷᠮᠢᠴᠡ ᠣᠨᠴᠠᠯᠢᠭ ᠲᠠᠢ᠂ ᠳᠤᠯᠠᠭᠠᠴᠠ ᠲᠠᠢ᠂ ᠴᠢᠨᠠᠷ ᠴᠢᠨᠰᠠᠭ᠎ᠠ ᠲᠠᠢ ᠵᠤᠭᠠᠴᠠᠯ ᠤᠨ ᠣᠶᠢᠯᠠᠭᠠᠯᠲᠠ ᠶᠢ ᠠᠪᠴᠢᠷᠠᠵᠤ ᠥᠭᠬᠦ ᠬᠡᠷᠡᠭᠲᠡᠢ᠃ 
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ