ᠵᠠᠯᠠᠨ ᠠᠶᠢᠯ ᠬᠤᠲᠠ ᠶᠢᠰᠦᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 124 ᠳ᠋ᠦ᠋ᠭᠡᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/7
    4 ᠰᠠᠷ᠎ᠠ ᠶᠢᠨ 29 ᠤ ᠡᠳᠦᠷ᠂ ᠵᠠᠯᠠᠨ ᠠᠶᠢᠯ ᠬᠤᠲᠠ ᠶᠢᠰᠦᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 124  ᠳ᠋ᠦ᠋ᠭᠡᠷ ᠤᠳᠠᠭᠠᠨ ᠤ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠬᠤᠷᠠᠯ ᠢ ᠡᠷᠭᠢᠯᠡᠪᠡ᠃    ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠬᠤᠶᠠᠷ ᠢ ᠬᠦᠷᠢᠶᠡᠯᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠬᠠᠮᠢᠶ᠎ᠠ ᠪᠦᠬᠦᠢ ᠨᠡᠷ᠎ᠡ ᠬᠠᠳᠠᠭᠰᠠᠨ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠲᠠᠯ᠎ᠠ  ᠪᠠᠷ ᠰᠤᠷᠤᠯᠴᠠᠨ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠪᠣᠯᠣᠨ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ ᠶᠢᠨ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠤᠶᠠᠯᠳᠤᠭᠤᠯᠤᠨ᠂ ︽ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷᠴᠤᠳ ᠤᠨ ᠡᠭᠦᠷᠭᠡ ᠬᠠᠷᠢᠭᠤᠴᠠᠯᠭ᠎ᠠ ᠪᠠᠨ ᠠᠷᠢᠭᠤᠨ ᠴᠢᠬᠡᠴᠢ ᠪᠠᠷ ᠭᠦᠢᠴᠡᠳᠬᠡᠬᠦ ᠲᠣᠭᠲᠠᠭᠠᠯ︾ ᠢ ᠬᠢᠨᠠᠮᠠᠭᠠᠢ  ᠲᠣᠣᠱᠯᠠᠭᠤᠯᠣᠨ ᠬᠡᠷᠡᠭᠵᠢᠭᠦᠯᠵᠦ᠂ ᠠᠵᠤ ᠠᠬᠤᠢ ᠶᠢᠨ ᠠᠵᠢᠯᠯᠠᠭᠠᠨ᠂ ᠬᠤᠶᠠᠷ ᠢ ᠬᠦᠷᠢᠶᠡᠯᠡᠬᠦ᠂ ᠰᠣᠶᠣᠯ ᠤᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠲᠥᠪ ᠤᠨ ᠲᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠬᠤ ᠬᠠᠮᠢᠶ᠎ᠠ ᠪᠦᠬᠦᠢ ᠠᠵᠢᠯ ᠤᠨ ᠡᠭᠦᠷᠭᠡ ᠶᠢ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠪᠠᠷ ᠰᠠᠶᠢᠲᠤᠷ ᠪᠡᠶᠡᠯᠡᠭᠦᠯᠬᠦ ᠬᠡᠷᠡᠭᠲᠡᠢ᠃    ᠬᠤᠷᠠᠯ ᠠᠴᠠ ᠸᠠᠩ  ᠸᠠᠩ ᠱᠧᠩ ᠱᠦᠵᠢ ᠶᠢᠨ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠰᠠᠶᠢᠲᠤᠷ ᠠᠳᠬᠤᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠳᠣᠣᠷ᠎ᠠ ᠠᠭᠠᠷ ᠤᠨ ᠠᠵᠤ ᠠᠬᠤᠢ ᠶᠢ ᠢᠳᠡᠪᠬᠢᠲᠡᠢ ᠪᠠᠷ ᠪᠣᠶᠢᠵᠢᠭᠤᠯᠤᠨ᠂ ᠬᠤᠲᠠ ᠶᠢᠨ ᠨᠠᠷᠢᠯᠢᠭᠵᠢᠭᠤᠯᠤᠨ ᠵᠠᠰᠠᠬᠤ ᠶᠢ ᠴᠢᠩᠭᠠᠳᠬᠠᠵᠤ᠂ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠨ᠂ ᠠᠵᠢᠯ ᠤᠨ  ᠢᠶᠠᠨ ᠨᠢᠭᠡ ᠶᠢ ᠲᠣᠭᠲᠠᠭᠠᠪᠠᠯ ᠨᠢᠭᠡ ᠶᠢ ᠬᠢᠵᠦ ᠨᠢᠭᠡ ᠶᠢ ᠪᠦᠲᠦᠭᠡᠬᠦ ᠶᠢ ᠦᠨᠡᠨ ᠬᠦ ᠪᠠᠲᠤᠯᠠᠵᠤ᠂ ᠪᠣᠳᠠᠲᠤ ᠠᠮᠵᠢᠯᠲᠠ ᠪᠦᠲᠦᠮᠵᠢ ᠪᠠᠷ ᠢᠶᠠᠨ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠳᠤ ᠲᠠᠩᠰᠠ ᠡᠪᠬᠡᠮᠡᠯ ᠲᠤᠰᠢᠶᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ︽ᠵᠠᠯᠠᠨ ᠠᠶᠢᠯ ᠬᠤᠲᠠ ᠶᠢᠨ ᠣᠶ ᠰᠢᠭᠤᠢ ᠡᠪᠡᠰᠦ ᠪᠡᠯᠴᠢᠭᠡᠷ ᠢ ᠡᠪᠳᠡᠵᠦ ᠴᠢᠭᠢᠭ ᠢ ᠡᠪᠳᠡᠵᠦ ᠳᠦᠷᠢᠮ ᠠᠴᠠ ᠵᠥᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠥᠯ︾ ᠵᠡᠷᠭᠡ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ︽ᠵᠢᠷᠭᠤᠭᠠᠨ ᠲᠡᠷᠢᠭᠦᠨ ᠳᠤ ᠶᠠᠪᠤᠬᠤ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ ᠠᠵᠢᠯᠯᠠᠬᠤ ᠪᠠᠷ ᠤᠳᠤᠷᠢᠳᠤᠮᠵᠢ ᠪᠣᠯᠭᠠᠵᠤ ᠨᠠᠶᠢᠳᠠᠪᠤᠷᠢᠵᠢᠭᠤᠯᠬᠤ ᠶᠢ ᠠᠳᠬᠤᠬᠤ᠂ ᠬᠠᠷᠠᠯᠲᠠ ᠪᠠᠷ ᠤᠳᠤᠷᠢᠳᠤᠮᠵᠢ ᠪᠣᠯᠭᠠᠵᠤ ᠲᠣᠬᠢᠷᠠᠭᠤᠯᠬᠤ ᠶᠢ ᠠᠳᠬᠤᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ ᠳᠤᠲᠠᠭᠤᠳᠠᠯ ᠢ ᠨᠥᠬᠦᠪᠦᠷᠢᠯᠡᠬᠦ᠂ ᠦᠢᠯᠡᠴᠢᠯᠡᠭᠡ ᠪᠠᠷ ᠤᠳᠤᠷᠢᠳᠤᠮᠵᠢ ᠪᠣᠯᠭᠠᠵᠤ ᠠᠵᠤ ᠠᠬᠤᠶᠢᠯᠠᠯ ᠢ ᠲᠤᠰᠠᠯᠠᠬᠤ ᠶᠢ ᠠᠳᠬᠤᠬᠤ ᠶᠢ ᠪᠠᠷᠢᠮᠲᠠᠯᠠᠵᠤ᠂ ᠲᠠᠪᠤᠨ ᠶᠡᠭᠡ ᠡᠭᠦᠷᠭᠡ᠂ ᠵᠢᠷᠭᠤᠭᠠᠨ ᠢᠨᠵᠧᠨᠧᠷᠢᠩ᠂ ᠬᠤᠶᠠᠷ ᠢ ᠬᠤᠪᠢᠷᠠᠭᠤᠯᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠨᠠᠮ ᠤᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠠᠲᠤᠳᠬᠠᠵᠤ᠂ ︽5·1︾  ᠤ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠪᠣᠯᠣᠨ ᠵᠢᠵᠢᠭᠦᠷᠯᠡᠨ ᠰᠠᠬᠢᠬᠤ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠵᠠᠢ᠃  
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ