2025 ᠣᠨ ᠤ 2 ᠰᠠᠷ᠎ᠠ ᠶᠢᠨ ᠶᠡᠭᠡ ᠬᠡᠷᠡᠭ ᠤᠨ ᠲᠡᠮᠳᠡᠭᠯᠡᠯ
ᠨᠡᠶᠢᠲᠡᠯᠡᠭᠰᠡᠨ ᠴᠠᠭ᠄
2025/5/7
    7 ᠤ ᠡᠳᠦᠷ ᠵᠠᠯᠠᠨ ᠠᠶᠢᠯ ᠬᠤᠲᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠯᠬᠢᠨ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠣᠣᠱᠯᠠᠭᠤᠯᠣᠨ ᠨᠠᠶᠢᠳᠠᠪᠤᠷᠢᠵᠢᠭᠤᠯᠪᠠ᠃ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠠᠢ ᡁᠢ ᠵᠢᠶᠦ᠋ᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠮᠧᠩ ᠭᠠᠩ ᠬᠤᠷᠠᠯ ᠡᠷᠭᠢᠯᠡᠵᠦ᠂ ᠰᠦᠨ ᠰᠢᠸ ᠹᠧᠢ᠂ ᠵᠠᠩ ᠯᠢ ᠵᠢᠶᠦ᠋ᠨ ᠵᠡᠷᠭᠡ ᠬᠤᠲᠠ ᠶᠢᠨ ᠤᠳᠤᠷᠢᠳᠤᠯᠭ᠎ᠠ ᠬᠤᠷᠠᠯ ᠳᠤ ᠣᠷᠣᠯᠴᠠᠵᠠᠢ᠃    ᠮᠥᠨ ᠡᠳᠦᠷ ᠲᠤ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠪᠡᠶᠡᠯᠡᠭᠦᠯᠦᠭᠰᠡᠨ ᠪᠠᠶᠢᠳᠠᠯ ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠠᠬᠢᠴᠠ ᠶᠢᠨ ᠪᠠᠶᠢᠳᠠᠯ ᠢ ᠰᠣᠨᠣᠰᠴᠤ᠂ ᠠᠰᠠᠭᠤᠳᠠᠯ  ᠪᠠ ᠳᠤᠲᠠᠭᠤᠳᠠᠯ ᠢ ᠵᠠᠳᠠᠯᠤᠨ ᠰᠢᠨᠵᠢᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃    8 ᠤ ᠡᠳᠦᠷ ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 118 ᠳ᠋ᠤᠭᠠᠷ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠪᠠ ᠡᠯ᠎ᠡ ᠤᠯᠠᠨ ᠲᠦᠮᠡᠨ ᠤ ᠪᠦᠯᠬᠦᠮ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠢ ᠬᠤᠷᠠᠯᠳᠤᠭᠤᠯᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ ᠬᠢᠨᠠᠨ ᠶᠠᠷᠢᠯᠴᠠᠵᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠬᠤᠷᠠᠯ ᠢ ᠡᠷᠭᠢᠯᠡᠪᠡ᠃    ᠮᠥᠨ ᠡᠳᠦᠷ ᠲᠤ ᠵᠠᠯᠠᠨ ᠠᠶᠢᠯ ᠬᠤᠲᠠ  ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠬᠠᠮᠲᠤ  ᠶᠢᠨ ᠰᠤᠷᠤᠯᠴᠠᠯᠭ᠎ᠠ  ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ᠃ ︽ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠤᠨ ᠬᠢᠵᠠᠭᠠᠷᠯᠠᠬᠤ᠂ ᠪᠠᠲᠤᠯᠠᠵᠤ ᠤᠷᠮᠠᠰᠢᠭᠤᠯᠬᠤ ᠦᠢᠯᠡᠳᠦᠯ ᠢ ᠶᠡᠷᠦᠩᠬᠡᠶᠢᠯᠡᠨ ᠪᠠᠳᠠᠷᠠᠭᠤᠯᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ︾ ᠪᠠᠷ ᠭᠤᠣᠯ ᠰᠡᠳᠦᠪ ᠪᠣᠯᠭᠠᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ  ᠠᠴᠠ  ᠡᠮᠦᠨᠡᠬᠢ ᠬᠠᠮᠲᠤ ᠪᠠᠷ ᠰᠤᠷᠤᠯᠴᠠᠵᠤ ᠰᠤᠳᠤᠯᠤᠨ  ᠶᠠᠷᠢᠯᠴᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠬᠠᠮᠢᠶ᠎ᠠ ᠪᠦᠬᠦᠢ ᠠᠭᠤᠯᠭ᠎ᠠ ᠶᠢ ᠤᠯᠠᠮᠵᠢᠯᠠᠨ  ᠰᠣᠷᠣᠯᠴᠠᠪᠠ᠃ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠬᠤᠷᠠᠯ ᠡᠷᠭᠢᠯᠡᠵᠦ᠂ ᠯᠢᠦ ᠬᠤᠩ ᡁᠢ᠂ ᠦ᠋ ᠴᠧᠨ ᠳ᠋ᠦᠩ᠂ ᠯᠢᠦ ᠭᠦᠸᠧ  ᠬᠤᠸᠠ᠂ ᠯᠢ ᠳ᠋ᠦᠩ ᠹᠠᠩ᠂ ᠵᠢᠶᠠᠩ ᠵᠢᠶᠦ᠋ᠨ ᠶᠦᠩ᠂ ᠲᠢᠶᠠᠨ ᠰᠢᠦᠢ᠂ ᠰᠥᠩ ᠾᠦᠢ ᠵᠡᠷᠭᠡ 7 ᠭᠤᠣᠯ ᠳᠤᠭᠤᠶᠢᠯᠠᠩ ᠤᠨ ᠪᠦᠷᠢᠯᠳᠦᠭᠦᠨ ᠰᠤᠳᠤᠯᠤᠨ ᠶᠠᠷᠢᠯᠴᠠᠬᠤ ᠳᠤ ᠣᠷᠣᠯᠴᠠᠵᠠᠢ᠃    9 ᠤ ᠡᠳᠦᠷ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠬᠤᠲᠠ ᠶᠢᠨ ᠲᠠᠷᠢᠶᠠᠨ ᠭᠠᠵᠠᠷ ᠤᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢᠨ ᠲᠤᠰᠬᠠᠢ ᠠᠩᠭᠢ ᠶᠢᠨ ᠠᠯᠪᠠᠨ ᠭᠡᠷ ᠪᠠ ᠴᠢᠩᠭᠢᠰ ᠬᠠᠭᠠᠨ ᠪᠠᠯᠭᠠᠰᠤᠨ ᠤ  ᠵᠢᠶᠠᠨ ᠱᠧ ᠲᠣᠰᠬᠤᠨ᠂  ᠹᠠᠨ ᠷᠦᠩ ᠲᠣᠰᠬᠤᠨ ᠵᠡᠷᠭᠡ ᠭᠠᠵᠠᠷ ᠲᠤ ᠬᠦᠷᠴᠦ ᠲᠤᠬᠠᠢ ᠶᠢᠨ ᠲᠠᠯᠠᠪᠤᠷ ᠲᠤ ᠠᠵᠢᠯᠯᠠᠵᠤ᠂ ︽ᠭᠤᠷᠪᠠ ᠶᠢ ᠬᠤᠪᠢᠷᠠᠭᠤᠯᠬᠤ︾᠂ ︽ᠭᠤᠷᠪᠠ ᠶᠢ ᠨᠢᠭᠡ ᠴᠣᠭᠴᠠᠵᠢᠭᠤᠯᠬᠤ︾᠂ ᠲᠠᠷᠢᠶᠠᠨ ᠭᠠᠵᠠᠷ ᠤᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠵᠡᠷᠭᠡ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠲᠤᠬᠠᠢ ᠶᠢᠨ ᠲᠠᠯᠠᠪᠤᠷ ᠤᠨ ᠠᠯᠪᠠᠨ ᠠᠵᠢᠯ ᠤᠨ ᠬᠤᠷᠠᠯ ᠬᠤᠷᠠᠯᠳᠤᠭᠤᠯᠵᠤ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠪᠠ᠃  ᠮᠧᠩ ᠭᠠᠩ᠂ ᠬᠠᠨ ᡁᠢ ᠯᠢ ᠵᠡᠷᠭᠡ ᠬᠤᠳᠠ ᠶᠢᠨ ᠤᠳᠤᠷᠢᠳᠤᠯᠭ᠎ᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠮᠥᠨ ᠡᠳᠦᠷ ᠲᠤ ᠵᠠᠯᠠᠨ ᠠᠶᠢᠯ ᠬᠤᠲᠠ  ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠤᠯᠤᠰ ᠲᠥᠷᠥ  ᠶᠢᠨ ᠠᠮᠢ ᠠᠬᠤᠢ  ᠶᠢᠨ ᠬᠤᠯᠪᠣᠭᠳᠠᠯ ᠪᠦᠬᠦᠢ ᠠᠵᠢᠯ  ᠢ ᠰᠤᠳᠤᠯᠵᠠᠢ᠃    10 ᠤ ᠡᠳᠦᠷ ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠬᠤᠷᠠᠯᠳᠤᠪᠠ᠃ ᠬᠤᠲᠠ  ᠶᠢᠨ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ  ᠬᠤᠩ ᡁᠢ ᠬᠤᠷᠠᠯ ᠡᠷᠭᠢᠯᠡᠭᠰᠡᠨ ᠪᠥᠭᠡᠳ ᠬᠤᠲᠠ  ᠶᠢᠨ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ  ᠶᠢᠨ ᠬᠤᠷᠢᠶᠠᠨ ᠤ ᠡᠮᠦᠨ᠎ᠡ ᠠᠴᠠ ᠠᠵᠢᠯ ᠤᠨ ᠢᠯᠡᠳᠬᠡᠯ ᠬᠢᠵᠦ᠂ ᠬᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ  ᠢ ᠲᠥᠪᠯᠡᠷᠡᠭᠦᠯᠦᠨ ᠦᠵᠡᠪᠡ᠃ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠳᠠ ᠶᠢᠨ ᠤᠳᠤᠷᠢᠳᠤᠯᠭ᠎ᠠ  ᠮᠧᠩ ᠭᠠᠩ᠂ ᠰᠦᠨ ᠰᠢᠸ ᠹᠧᠢ᠂ ᠵᠠᠩ ᠯᠢ ᠵᠢᠶᠦ᠋ᠨ ᠨᠠᠷ ᠬᠤᠷᠠᠯ ᠳᠤ ᠣᠷᠣᠯᠴᠠᠵᠠᠢ᠃    ᠮᠥᠨ ᠡᠳᠦᠷ ᠲᠤ ᠵᠠᠯᠠᠨ ᠠᠶᠢᠯ ᠬᠤᠲᠠ  ᠶᠢᠨ ᠨᠠᠮ ᠤᠨ ᠬᠤᠷᠢᠶᠠᠨ ᠤ ᠪᠠᠶᠢᠩᠭᠤ  ᠶᠢᠨ ᠬᠤᠷᠢᠶᠠᠨ ᠤ ᠤᠳᠤᠷᠢᠳᠬᠤ ᠪᠠᠭ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ ᠶᠢᠨ ᠭᠤᠷᠪᠠᠳᠤᠭᠠᠷ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠵᠠᠩ ᠯᠢ ᠰᠢᠨ ᠨᠠᠷ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠬᠤᠷᠠᠯ ᠡᠷᠭᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃    12 ᠤᠨ ᠡᠳᠦᠷ ᠵᠠᠯᠠᠨ ᠠᠶᠢᠯ ᠬᠤᠲᠠ  ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ︽ᠭᠤᠷᠪᠠ  ᠶᠢ ᠬᠤᠪᠢᠷᠠᠭᠤᠯᠬᠤ︾᠂ ︽ᠭᠤᠷᠪᠠ  ᠶᠢ ᠨᠢᠭᠡ ᠴᠣᠭᠴᠠᠵᠢᠭᠤᠯᠬᠤ︾ ᠬᠤᠯᠪᠣᠭᠳᠠᠯ ᠪᠦᠬᠦᠢ ᠠᠵᠢᠯ  ᠢ ᠰᠤᠳᠤᠯᠵᠠᠢ᠃ᠮᠥᠨ ᠡᠳᠦᠷ ᠲᠤ ᠵᠠᠯᠠᠨ ᠠᠶᠢᠯ ᠬᠤᠲᠠ  ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ᠂ ᠬᠤᠶᠠᠳᠤᠭᠠᠷ ᠡᠭᠡᠯᠵᠢ  ᠶᠢᠨ ᠭᠠᠵᠠᠷ ᠰᠢᠷᠣᠢ  ᠶᠢᠨ ᠳᠠᠭᠠᠭᠠᠴᠢᠯᠠᠯᠲᠠ  ᠶᠢ ᠤᠷᠲᠤᠳᠬᠠᠬᠤ ᠠᠵᠢᠯ  ᠢ ᠰᠤᠳᠤᠯᠵᠠᠢ᠃    15 ᠤ ᠡᠳᠦᠷ ᠵᠠᠯᠠᠨ ᠠᠶᠢᠯ ᠬᠤᠲᠠ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠤᠯᠤᠰ ᠤᠨ ᠣᠯᠠᠨ ᠨᠡᠶᠢᠲᠡ ᠶᠢᠨ ᠮᠥᠰᠥ ᠴᠠᠰᠤᠨ ᠤ ᠤᠯᠠᠷᠢᠯ ᠤᠨ 2024 ︱ 2025 ᠣᠨ ᠤ ᠵᠠᠯᠠᠨ ᠠᠶᠢᠯ ᠬᠤᠲᠠ ᠶᠢᠨ ᠣᠯᠠᠨ ᠨᠡᠶᠢᠲᠡ ᠶᠢᠨ ᠮᠥᠰᠥᠨ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ ᠢ ᠡᠷᠭᠢᠯᠡᠵᠦ᠂ ᠨᠡᠶᠢᠲᠡ ᠲᠤᠯᠤᠭᠠᠨ ᠲᠥᠯᠥᠭᠡᠯᠡᠭᠴᠢᠳ ᠤᠨ ᠠᠩᠭᠢ ᠤᠷᠤᠯᠳᠤᠭᠠᠨ ᠳᠤ ᠣᠷᠣᠯᠴᠠᠵᠠᠢ᠃ ᠲᠣᠰ ᠤᠳᠠᠭᠠᠨ ᠤ ᠤᠷᠢᠯᠭ᠎ᠠ ᠶᠢᠨ ᠤᠷᠤᠯᠳᠤᠭᠠᠨ ᠢ ᠵᠠᠯᠠᠨ ᠠᠶᠢᠯ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠬᠤᠲᠠ ᠶᠢᠨ ᠮᠥᠰᠥᠨ ᠪᠥᠮᠪᠦᠭᠡ ᠶᠢᠨ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠪᠡ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠰᠢᠶᠣᠣ  ᠾᠦᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    19 ᠤ ᠡᠳᠦᠷ ᠵᠠᠯᠠᠨ ᠠᠶᠢᠯ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠠᠢ ᡁᠢ ᠵᠢᠶᠦ᠋ᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠢ ᠲᠥᠯᠥᠪᠵᠢᠭᠦᠯᠬᠦ᠂  ᠳᠣᠯᠠᠭᠠᠯᠠᠭ᠎ᠠ ᠶᠢᠨ ᠢᠨᠵᠧᠨᠧᠷᠢᠩ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠪᠦᠬᠦ ᠬᠦᠷᠢᠶ᠎ᠡ ᠬᠡᠪᠴᠢᠶ᠎ᠡ ᠪᠦᠬᠦ ᠡᠯᠧᠮᠧᠨ᠋ᠲ ᠢ ᠳᠠᠷᠠᠭᠠᠯᠠᠨ ᠪᠠᠶᠢᠴᠠᠭᠠᠬᠤ᠂ ︽ᠠᠷᠪᠠᠨ ᠲᠠᠪᠤᠳᠤᠭᠠᠷ ᠲᠠᠪᠤᠨ ᠵᠢᠯ︾  ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠳᠣᠣᠷ᠎ᠠ ᠣᠭᠲᠠᠷᠭᠤᠢ ᠶᠢᠨ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃    20 ᠤ ᠡᠳᠦᠷ ᠬᠥᠯᠥᠨ ᠪᠤᠶᠢᠷ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠵᠢᠯᠤᠭᠤᠳᠬᠤ ᠳᠤᠭᠤᠶᠢᠯᠠᠩ ᠵᠠᠯᠠᠨ ᠠᠶᠢᠯ ᠬᠤᠲᠠ ᠳᠤ ᠠᠵᠤ ᠠᠬᠤᠢ ᠶᠢᠨ ︽ᠨᠢᠭᠡ ᠬᠤᠰᠢᠭᠤ ᠬᠤᠲᠠ ᠳᠤ ᠨᠢᠭᠡ ᠠᠷᠭᠠᠴᠠᠬᠤ ᠪᠣᠳᠣᠯᠭ᠎ᠠ︾ ᠶᠢ ᠲᠦᠯᠬᠢᠨ ᠠᠬᠢᠭᠤᠯᠬᠤ ᠲᠤᠰᠬᠠᠢ ᠲᠠᠶᠢᠯᠤᠮᠵᠢ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ᠃ ᠬᠥᠯᠥᠨ ᠪᠤᠶᠢᠷ ᠬᠤᠳᠠ ᠶᠢᠨ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ ᠦ᠋ ᠵᠢᠩ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠦ ᠶᠠ  ᠭᠤᠸᠠᠩ ᠬᠤᠷᠠᠯ ᠡᠷᠭᠢᠯᠡᠵᠦ᠂ ᠬᠤᠲᠠ ᠶᠢᠨ ᠤᠳᠤᠷᠢᠳᠤᠯᠭ᠎ᠠ ᠵᠢᠶᠠᠩ ᠵᠢᠶᠦ᠋ᠨ ᠶᠦᠩ᠂ ᡂᠢ ᠯᠦᠩ᠂ ᠶᠢᠨ ᠰᠢᠶᠣᠣ  ᠾᠦᠢ ᠵᠢᠴᠢ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃    22 ᠤᠨ ᠡᠳᠦᠷ ᠠᠴᠠ 23 ᠤ ᠡᠳᠦᠷ ᠪᠣᠯᠲᠠᠯ᠎ᠠ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠪᠦᠯᠬᠦᠮ ᠳᠠᠭᠠᠭᠤᠯᠤᠨ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠬᠦᠷᠴᠦ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ ᠳᠠᠬᠢᠨ 30 ᠵᠢᠯ ᠤᠷᠲᠤᠳᠬᠠᠬᠤ ᠣᠷᠣᠨ ᠨᠤᠲᠤᠭ ᠤᠨ ᠲᠤᠷᠰᠢᠯᠲᠠ ᠶᠢᠨ ᠬᠠᠶᠢᠨ ᠰᠦᠪᠡᠭᠴᠢᠯᠡᠯᠲᠡ ᠪᠠ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢᠨ ᠳᠣᠲᠣᠭᠠᠳᠤ ᠶᠢᠨ ᠰᠣᠯᠢᠯᠴᠠᠭᠠᠨ ᠤ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠵᠤ᠂ ᠲᠥᠪ ᠤᠨ ᠡᠳ᠋ ᠤᠨ ᠵᠠᠰᠠᠭ ᠤᠨ ᠠᠯᠪᠠᠨ ᠭᠡᠷ ᠤᠨ ᠤᠳᠤᠷᠢᠳᠤᠯᠭ᠎ᠠ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠲᠠᠢ ᠶᠠᠷᠢᠯᠴᠠᠨ ᠰᠣᠯᠢᠯᠴᠠᠵᠤ᠂ ᠵᠠᠯᠠᠨ ᠠᠶᠢᠯ ᠬᠤᠲᠠ ᠶᠢᠨ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢ ᠤᠷᠲᠤᠳᠬᠠᠬᠤ ᠲᠤᠷᠰᠢᠯᠲᠠ ᠶᠢᠨ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠬᠤᠷᠢᠶᠠᠪᠠ᠃    ᠮᠥᠨ ᠡᠳᠦᠷ ᠲᠤ ᠵᠠᠯᠠᠨ ᠠᠶᠢᠯ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠶᠢᠨ ᠯᠦᠩ ᠱᠠᠨ ᠤ ᠴᠠᠰᠤᠨ ᠳᠤ ᠭᠤᠯᠭᠤᠬᠤ ᠲᠠᠯᠠᠪᠠᠶ ᠳᠤ ᠮᠥᠰᠥ ᠴᠠᠰᠤᠨ ᠤ ᠨᠠᠶᠢᠷ ᠨᠠᠭᠠᠳᠤᠮ ᠤᠨ ᠠᠵᠢᠯᠲᠠᠨ ᠠᠵᠢᠯᠴᠢᠨ ᠤ ᠮᠥᠰᠥ ᠴᠠᠰᠤᠨ ᠤ ᠰᠢᠷᠢᠰ ᠠᠵᠢᠯᠯᠠᠭ᠎ᠠ ᠵᠢᠴᠢ 2025 ᠣᠨ ᠤ ᠠᠵᠢᠯᠲᠠᠨ ᠠᠵᠢᠯᠴᠢᠨ ᠤ ᠴᠠᠰᠤᠨ ᠳᠤ ᠭᠤᠯᠭᠤᠬᠤ ᠤᠷᠤᠯᠳᠤᠭᠠᠨ ᠢ ᠡᠷᠭᠢᠯᠡᠵᠦ᠂ ᠬᠤᠲᠠ ᠶᠢᠨ ᠤᠳᠤᠷᠢᠳᠤᠯᠭ᠎ᠠ ᠶᠢᠨ ᠰᠢᠶᠣᠣ  ᠾᠦᠢ᠂ ᠯᠢᠦ ᠷᠧᠨ ᠳ᠋ᠧ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ᠃    24  ᠤ ᠡᠳᠦᠷ ᠵᠠᠯᠠᠨ ᠠᠶᠢᠯ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠳᠠ ᠶᠢᠨ ᠳᠠᠷᠤᠭ᠎ᠠ  ᠮᠧᠩ ᠭᠠᠩ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    ᠮᠥᠨ ᠡᠳᠦᠷ ᠲᠤ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠠᠢ᠃ ᠬᠤᠲᠠ  ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ  ᠶᠢᠨ ᠳᠠᠷᠤᠭ᠎ᠠ᠂ ᠬᠤᠲᠠ  ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠮᠧᠩ ᠭᠠᠩ ᠬᠤᠷᠠᠯ ᠡᠷᠭᠢᠯᠡᠵᠦ᠂ ᠬᠤᠲᠠ  ᠶᠢᠨ ᠨᠠᠮ ᠤᠨ ᠬᠤᠷᠢᠶᠠᠨ ᠤ ᠬᠤᠶᠠᠳᠤᠭᠠᠷ ᠰᠢᠪᠠᠳᠠᠨ ᠵᠢᠯᠤᠭᠤᠳᠬᠤ ᠳᠤᠭᠤᠶᠢᠯᠠᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃    ᠮᠥᠨ ᠡᠳᠦᠷ ᠲᠤ ᠵᠠᠯᠠᠨ ᠠᠶᠢᠯ ᠬᠤᠲᠠ  ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠤᠷᠲᠠᠯ ᠢᠶᠠᠨ ᠬᠤᠪᠢᠷᠠᠭᠤᠯᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠨᠠᠶᠢᠳᠠᠪᠤᠷᠢᠵᠢᠭᠤᠯᠤᠯᠲᠠ  ᠶᠢ ᠠᠳᠬᠤᠬᠤ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠵᠤ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠬᠤᠯᠪᠣᠭᠳᠠᠯ ᠪᠦᠬᠦᠢ ᠠᠵᠢᠯ  ᠢ ᠲᠣᠬᠢᠷᠠᠭᠤᠯᠤᠨ ᠪᠠᠶᠢᠷᠢᠯᠠᠭᠤᠯᠵᠤ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ  ᠢ ᠲᠥᠪᠯᠡᠷᠡᠭᠦᠯᠦᠨ ᠦᠵᠡᠪᠡ᠃ ᠬᠤᠲᠠ  ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ  ᠶᠢᠨ ᠳᠠᠷᠤᠭ᠎ᠠ ᠮᠧᠩ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠬᠤᠩ ᡁᠢ ᠬᠤᠷᠠᠯ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠦ᠋ ᠴᠧᠨ ᠳ᠋ᠦᠩ ᠬᠤᠷᠠᠯ ᠢ ᠡᠷᠭᠢᠯᠡᠵᠦ᠂ ᠬᠤᠲᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ᠂ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃    25 ᠤ ᠡᠳᠦᠷ ᠵᠠᠯᠠᠨ ᠠᠶᠢᠯ ᠬᠤᠲᠠ  ᠶᠢᠨ ᠶᠢᠰᠦᠳᠦᠭᠡᠷ ᠬᠤᠭᠤᠴᠠᠭᠠᠨ ᠤ ᠬᠤᠲᠠ  ᠶᠢᠨ ᠨᠠᠮ ᠤᠨ ᠬᠤᠷᠢᠶᠠᠨ ᠤ ᠪᠠᠶᠢᠩᠭᠤ  ᠶᠢᠨ ᠬᠤᠷᠢᠶᠠᠨ ᠤ 120 ᠳ᠋ᠤᠭᠠᠷ ᠬᠤᠷᠠᠯᠳᠤᠭᠠᠨ ᠵᠢᠴᠢ ᠬᠤᠲᠠ  ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ  ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ  ᠤᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ  ᠶᠢᠨ ᠵᠣᠷᠢᠭ ᠰᠠᠨᠠᠭ᠎ᠠ ᠵᠢᠴᠢ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ ᠠᠵᠢᠯ ᠤᠨ ᠡᠭᠦᠷᠭᠡ  ᠶᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ ᠬᠤᠷᠠᠯ ᠡᠷᠭᠢᠯᠡᠪᠡ᠃    28 ᠤ ᠡᠳᠦᠷ ᠵᠠᠯᠠᠨ ᠠᠶᠢᠯ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠲᠠᠪᠤᠳᠤᠭᠠᠷ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2025 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠣᠯᠳᠠᠯᠭ᠎ᠠ ᠲᠠᠢ ᠵᠦᠢᠯ ᠤᠨ ᠣᠨ ᠤ ᠳᠦᠷᠦᠯ ᠵᠦᠢᠯ ᠤᠨ ᠨᠠᠷᠢᠨ ᠳᠠᠩᠰᠠ ᠶᠢ ᠶᠠᠷᠢᠯᠴᠠᠨ ᠲᠣᠭᠲᠠᠭᠠᠬᠤ ᠵᠥᠪᠯᠡᠯᠭᠡ ᠶᠢ ᠰᠣᠨᠣᠰᠴᠤ ᠬᠢᠨᠠᠨ ᠵᠥᠪᠯᠡᠵᠦ ᠵᠠᠯᠠᠨ ᠠᠶᠢᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠢᠢᠳᠪᠦᠷᠢᠯᠡᠬᠦ ᠠᠷᠭ᠎ᠠ ︵ᠵᠠᠰᠠᠪᠤᠷᠢ ᠣᠷᠣᠭᠤᠯᠤᠭᠰᠠᠨ ᠲᠥᠰᠥᠯ︶᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠣᠨᠴᠠ ᠵᠠᠷᠢᠮ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ ︵ᠲᠥᠰᠥᠯ︶ ᠶᠢ ᠪᠠᠲᠤᠯᠠᠵᠤ᠂ ᠵᠠᠯᠠᠨ ᠠᠶᠢᠯ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠡᠷᠭᠦᠳᠡᠯ ᠢ ᠭᠥᠯᠢᠶᠡᠨ ᠠᠪᠬᠤ ᠪᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠶᠢ ᠪᠠᠲᠤᠯᠠᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠦᠨ ᠰᠢᠸ ᠹᠧᠢ ᠬᠤᠷᠠᠯ ᠡᠷᠭᠢᠯᠡᠵᠦ᠂ ᠳᠡᠳ᠋ ᠡᠷᠬᠢᠯᠡᠭᠴᠢ ᠰᠥᠩ  ᠾᠦᠢ᠂ ᠴᠧᠨ ᠾᠦᠢ᠂ ᠯᠢᠦ ᠬᠤᠩ ᠪᠢᠨ ᠬᠤᠷᠠᠯ ᠳᠤ ᠣᠷᠣᠯᠴᠠᠵᠠᠢ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠠᠩ ᠵᠢᠶᠦ᠋ᠨ ᠶᠦᠩ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠢᠦᠢ ᠴᠧᠨ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠠᠷᠠᠳ ᠤᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠵᠢᠴᠢ ᠬᠡᠰᠡᠭ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ 
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ