ᠵᠥᠩ ᠾᠧ ᠪᠠᠯᠭᠠᠰᠤ ᠲᠠᠷᠢᠶᠠᠨ ᠭᠠᠵᠠᠷ ᠤᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/7
    ᠪᠥᠬᠦ ᠪᠠᠯᠭᠠᠰᠤᠨ ᠤ ᠲᠠᠷᠢᠶᠠᠨ ᠭᠠᠵᠠᠷ ᠤᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠵᠢᠴᠢ ᠬᠥᠮᠥᠨ ᠠᠮᠠ ᠶᠢᠨ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠡᠯ᠎ᠡ ᠵᠦᠢᠯ ᠤᠨ ᠡᠭᠦᠷᠭᠡ ᠶᠢ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢᠶᠠᠷ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ 4 ᠰᠠᠷ᠎ᠠ ᠶᠢᠨ 29 ᠤ ᠡᠳᠦᠷ᠂ ᠵᠥᠩ ᠾᠧ ᠪᠠᠯᠭᠠᠰᠤ ᠲᠠᠷᠢᠶᠠᠨ ᠭᠠᠵᠠᠷ ᠤᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢᠨ ᠭᠤᠣᠯᠳᠠᠯᠭ᠎ᠠ ᠲᠠᠢ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠠᠵᠢᠯ ᠢ ᠳᠠᠬᠢᠨ ᠲᠣᠬᠢᠷᠠᠭᠤᠯᠵᠤ ᠳᠠᠬᠢᠨ ᠪᠠᠶᠢᠷᠢᠯᠠᠭᠤᠯᠪᠠ᠃ ᠡᠯ᠎ᠡ ᠲᠣᠰᠬᠤᠨ ᠤ ᠱᠦᠵᠢ᠂ ᠠᠵᠢᠯᠯᠠᠬᠤ ᠳᠤᠭᠤᠶᠢᠯᠠᠩ ᠤᠨ ᠳᠠᠷᠤᠭ᠎ᠠ ᠵᠢᠴᠢ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠥᠮᠥᠰ ᠬᠤᠷᠠᠯ ᠳᠤ ᠣᠷᠣᠯᠴᠠᠵᠤ᠂ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ  ᠣᠷᠭᠢᠯ ᠬᠤᠷᠠᠯ ᠢ ᠡᠷᠬᠢᠯᠡᠪᠡ᠃    ᠬᠤᠷᠠᠯ ᠠᠴᠠ᠂ ᠲᠠᠷᠢᠶᠠᠨ ᠭᠠᠵᠠᠷ ᠤᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢᠨ ᠠᠵᠢᠯ ᠤᠨ ᠡᠭᠦᠷᠭᠡ ᠬᠠᠲᠠᠭᠤ ᠪᠡᠷᠬᠡ᠂ ᠬᠠᠷᠢᠭᠤᠴᠠᠯᠭ᠎ᠠ ᠬᠦᠨᠳᠦ ᠶᠡᠭᠡ ᠤᠴᠢᠷ ᠠᠴᠠ ᠪᠦᠬᠦ ᠪᠠᠯᠭᠠᠰᠤ ᠶᠢᠨ ᠳᠡᠭᠡᠳᠦ ᠳᠣᠣᠷᠠᠳᠤ ᠱᠠᠲᠤ ᠪᠠᠷ ᠢᠶᠠᠨ ᠡᠷᠬᠡᠪᠰᠢ ᠮᠢᠨᠴᠦᠭᠦᠷᠡᠬᠦ ᠦᠵᠡᠯ ᠰᠠᠨᠠᠭ᠎ᠠ ᠪᠠ ᠠᠵᠠ ᠵᠠᠪᠰᠢᠶᠠᠨ ᠢ ᠡᠷᠢᠬᠦ ᠪᠤᠳᠤᠯ ᠢ ᠲᠡᠪᠴᠢᠵᠦ᠂ ᠨᠠᠷᠢᠨ ᠬᠢᠨᠠᠮᠠᠭᠠᠢ ᠠᠵᠢᠯ ᠤᠨ ᠣᠪᠣᠷ ᠢᠶᠠᠷ ᠡᠭᠦᠷᠭᠡ ᠶᠢᠨ ᠨᠠᠷᠢᠨ ᠳᠠᠩᠰᠠ ᠲᠠᠢ ᠬᠠᠷᠢᠴᠠᠭᠤᠯᠤᠨ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠲᠠᠷᠢᠶᠠᠨ ᠭᠠᠵᠠᠷ ᠤᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢᠨ ᠠᠵᠢᠯ ᠤᠨ ᠴᠢᠨᠠᠷ ᠰᠠᠶᠢᠲᠠᠢ ᠲᠡᠭᠦᠰᠬᠦ ᠶᠢ ᠪᠠᠲᠤᠯᠠᠵᠤ᠂ ᠪᠦᠬᠦ ᠪᠠᠯᠭᠠᠰᠤ ᠶᠢᠨ ᠬᠤᠶᠢᠰᠢᠳᠠ ᠶᠢᠨ ᠠᠵᠢᠯ ᠳᠤ ᠪᠠᠲᠤ ᠪᠠᠬᠢ ᠲᠤᠭ᠎ᠠ ᠪᠠᠷᠢᠮᠲᠠ ᠶᠢᠨ ᠰᠠᠭᠤᠷᠢ ᠶᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠨᠢᠭᠡ ᠳᠤ᠂ ᠪᠣᠳᠠᠲᠠᠢ ᠡᠭᠦᠷᠭᠡ ᠶᠢ ᠲᠣᠳᠣᠷᠬᠠᠶᠢᠯᠠᠵᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠣᠳᠣᠬᠠᠨ ᠳᠤ ᠲᠠᠷᠢᠶᠠᠨ ᠭᠠᠵᠠᠷ ᠤᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢᠨ ᠠᠵᠢᠯ ᠨᠢᠭᠡᠨᠲᠡ ᠵᠠᠩᠭᠢᠯᠠᠭ᠎ᠠ ᠶᠢᠨ ᠱᠠᠲᠤᠨ ᠳᠤ ᠣᠷᠣᠭᠠᠳ ᠪᠠᠶᠢᠨ᠎ᠠ᠂ ᠡᠯ᠎ᠡ ᠲᠣᠰᠬᠤᠨ ᠤ ᠬᠢᠨ ᠬᠥᠮᠥᠨ ᠠᠮᠠ ᠶᠢ ᠵᠢᠭᠰᠠᠭᠠᠨ ᠪᠠᠶᠢᠴᠠᠭᠠᠵᠤ ᠬᠤᠷᠢᠶᠠᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠶᠢ ᠦᠷᠭᠦᠯᠵᠢᠯᠡᠨ ᠪᠣᠳᠠᠲᠠᠶᠢᠵᠢᠭᠤᠯᠵᠤ᠂ ᠡᠮᠦᠨᠡᠬᠢ ᠬᠤᠭᠤᠴᠠᠭᠠᠨ ᠤ ᠦᠷ᠎ᠡ ᠪᠦᠲᠦᠭᠡᠯ ᠢ ᠪᠠᠬᠢᠵᠢᠭᠦᠯᠵᠦ᠂ ᠡᠷᠦᠬᠡ ᠠᠮᠠ  ᠣᠷᠬᠢᠬᠤ ᠬᠥᠮᠥᠨ ᠠᠮᠠ  ᠣᠷᠬᠢᠬᠤ ᠦᠵᠡᠭᠳᠡᠯ ᠢ ᠡᠷᠡᠰ ᠬᠤᠷᠢᠭᠯᠠᠵᠤ᠂ ᠬᠠᠮᠲᠤ ᠳᠤᠨᠢ ᠳᠤᠭᠤᠶᠢᠯᠠᠩ᠂ ᠲᠣᠰᠬᠤᠨ ᠢᠶᠠᠷ ᠨᠢᠭᠡᠴᠢ ᠪᠣᠯᠭᠠᠨ ᠠᠵᠢᠯᠲᠠᠨ ᠤ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ ᠵᠠᠷᠯᠠᠨ ᠨᠡᠶᠢᠲᠡᠯᠡᠵᠦ᠂ ᠭᠡᠷᠡᠴᠢ ᠮᠠᠲ᠋ᠧᠷᠢᠶᠠᠯ ᠦᠯᠡᠳᠡᠭᠡᠨ ᠬᠠᠳᠠᠭᠠᠯᠠᠬᠤ ᠬᠡᠷᠡᠭᠲᠡᠢ︔ ᠬᠤᠶᠠᠷ ᠲᠤ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠲᠠᠢ ᠨᠢᠭᠲᠠ ᠤᠶᠠᠯᠳᠤᠭᠤᠯᠤᠨ ᠠᠵᠢᠯ ᠢᠶᠠᠨ ᠠᠬᠢᠭᠤᠯᠬᠤ ᠬᠡᠷᠡᠭᠲᠡᠢ᠃ ᠮᠡᠷᠭᠡᠵᠢᠯ ᠤᠨ ᠺᠣᠮᠫᠠᠨᠢ ᠶᠢᠨ ᠰᠢᠨᠡᠳᠬᠡᠨ ᠨᠤᠲᠠᠯᠠᠭᠰᠠᠨ ᠬᠠᠮᠤᠭ ᠤᠨ ᠰᠢᠨ᠎ᠡ ᠲᠤᠭ᠎ᠠ ᠪᠠᠷᠢᠮᠲᠠ ᠶᠢ ᠵᠣᠯᠭᠠᠭᠤᠯᠵᠤ᠂ ᠪᠣᠳᠠᠲᠠᠢ ᠬᠡᠮᠵᠢᠯᠲᠡ ᠶᠢᠨ ᠠᠬᠢᠴᠠ ᠶᠢ ᠲᠦᠷᠭᠡᠳᠬᠡᠨ᠂ ᠬᠦᠰᠦᠨᠦᠭᠲᠦ ᠶᠢᠨ ᠳᠡᠪᠲᠡᠷ ᠢ ᠵᠡᠷᠭᠡᠪᠡᠷ ᠲᠠᠭᠯᠠᠨ ᠮᠡᠳᠡᠭᠦᠯᠵᠦ᠂ ᠭᠠᠷ ᠤᠨ ᠥᠰᠥᠭ ᠵᠢᠷᠤᠵᠤ ᠨᠤᠲᠠᠯᠠᠵᠤ᠂ ᠲᠣᠭᠲᠠᠭᠰᠠᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠲᠤ ᠲᠠᠷᠢᠶᠠᠨ ᠭᠠᠵᠠᠷ ᠤᠨ ᠪᠠᠶᠢᠴᠠᠭᠠᠯᠲᠠ ᠶᠢᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ︔ ᠭᠤᠷᠪᠠ ᠳᠤ ᠪᠠᠷᠢᠮᠵᠢᠶ᠎ᠠ ᠶᠢ ᠴᠢᠩᠳᠠᠯᠠᠵᠤ ᠲᠠᠩᠰᠠ ᠡᠪᠬᠡᠮᠡᠯ ᠤᠨ ᠬᠠᠮᠢᠶᠠᠷᠤᠯᠲᠠ ᠶᠢ ᠵᠢᠷᠤᠮᠵᠢᠭᠤᠯᠬᠤ ᠬᠥᠮᠥᠨ ᠠᠮᠠ ᠶᠢᠨ ᠵᠢᠭᠰᠠᠭᠠᠨ ᠪᠠᠶᠢᠴᠠᠭᠠᠯᠲᠠ᠂ ᠲᠠᠷᠢᠶᠠᠨ ᠭᠠᠵᠠᠷ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠢᠶᠠᠷ ᠰᠠᠭᠤᠷᠢ ᠪᠣᠯᠭᠠᠵᠤ᠂ ︽ᠨᠢᠭᠡ ᠡᠷᠦᠬᠡ ᠳᠤ ᠨᠢᠭᠡ ᠲᠠᠩᠰᠠ ᠡᠪᠬᠡᠮᠡᠯ︾ ᠤᠨ ᠡᠯᠧᠺᠲᠷᠣᠨ ᠲᠠᠩᠰᠠ ᠡᠪᠬᠡᠮᠡᠯ ᠢ ᠰᠢᠷᠪᠢᠬᠦ ᠠᠬᠢᠴᠠ ᠶᠢ ᠲᠦᠷᠭᠡᠳᠬᠡᠨ᠂ ᠲᠤᠭ᠎ᠠ ᠪᠠᠷᠢᠮᠲᠠ ᠶᠢ ᠮᠥᠷᠳᠡᠵᠦ ᠪᠣᠯᠬᠤ᠂ ᠬᠠᠷᠭᠤᠭᠤᠯᠤᠨ ᠪᠠᠶᠢᠴᠠᠭᠠᠵᠤ ᠪᠣᠯᠬᠤ ᠶᠢ ᠦᠨᠡᠨᠬᠦ ᠪᠠᠲᠤᠯᠠᠬᠤ ᠬᠡᠷᠡᠭᠲᠡᠢ︔ ᠳᠥᠷᠪᠡ ᠳᠤ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠪᠠᠶᠢᠳᠠᠯ ᠢ ᠨᠢᠭᠲᠠ ᠠᠩᠬᠠᠷᠴᠤ᠂ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠤᠨ ᠲᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠨ᠎ᠠ᠃ ᠡᠭᠦᠨ ᠤ ᠵᠡᠷᠭᠡᠴᠡᠭᠡᠪᠡᠷ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠢᠳᠡᠪᠬᠢᠲᠡᠢ ᠰᠠᠶᠢᠲᠤᠷ ᠬᠢᠵᠦ᠂ ᠤᠯᠠᠨ ᠲᠦᠮᠡᠨ ᠤ ᠬᠤᠯᠪᠣᠭᠳᠠᠯ ᠪᠦᠬᠦᠢ ᠠᠵᠢᠯ ᠢ ᠣᠶᠢᠯᠠᠭᠠᠬᠤ ᠶᠢ ᠦᠨᠡᠨ ᠬᠦ ᠪᠠᠲᠤᠯᠠᠵᠤ᠂ ᠳᠡᠮᠵᠢᠬᠦ ᠬᠡᠷᠡᠭᠲᠡᠢ᠃    ᠬᠤᠷᠠᠯ ᠠᠴᠠ ᠪᠠᠰᠠ ᠤᠢ ᠰᠢᠭᠤᠢ ᠡᠪᠡᠰᠦ ᠪᠡᠯᠴᠢᠭᠡᠷ ᠢ ᠰᠦᠢᠳᠬᠡᠬᠦ ᠲᠤᠰᠬᠠᠢ ᠲᠦᠷᠦᠯ ᠤᠨ ᠴᠡᠭᠴᠡᠯᠡᠨ ᠵᠠᠰᠠᠯᠲᠠ᠂ ᠠᠶᠤᠯᠭᠦᠢ ᠦᠢᠯᠡᠳᠪᠦᠷᠢᠯᠡᠯ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ᠂ ᠲᠣᠪᠶᠤᠭ ᠤᠨ ᠠᠵᠤ ᠦᠢᠯᠡᠰ ᠢ ᠭᠤᠶᠤᠴᠢᠯᠠᠨ ᠮᠡᠳᠡᠭᠦᠯᠬᠦ᠂ ᠵᠢᠵᠢᠭᠦᠷᠯᠡᠨ ᠵᠢᠵᠢᠭᠦᠷᠯᠡᠨ ᠰᠠᠬᠢᠬᠤ ᠵᠡᠷᠭᠡ ᠭᠤᠣᠯᠳᠠᠯᠭ᠎ᠠ ᠲᠠᠢ ᠠᠵᠢᠯ ᠢ ᠴᠢᠬᠤᠯᠠᠴᠢᠯᠠᠨ ᠪᠠᠶᠢᠷᠢᠯᠠᠭᠤᠯᠵᠠᠢ᠃  
ᠢᠷᠡᠯᠲᠡ᠄ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ